︽ᠬᠠᠪᠰᠤᠷᠤᠨ ᠬᠦᠢᠴᠡᠳᠬᠡᠵᠦ ᠣᠷᠣᠯᠠᠨ ᠭᠦᠢᠴᠡᠳᠬᠡᠬᠦ︾ ᠬᠡᠷ ᠲᠤᠨᠢ ᠬᠦᠷᠴᠦ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ  ᠬᠠᠩᠭᠠᠪᠠ
ᠨᠡᠶᠢᠲᠡᠯᠡᠭᠰᠡᠨ ᠴᠠᠭ᠄
2023/10/30
   ︽ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ︾ ᠦᠢᠯᠡᠴᠢᠯᠡᠭᠡ ᠪᠣᠯ ᠮᠠᠨ ᠤ ᠬᠤᠲᠠ ᠶᠢᠨ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠵᠢᠬᠦᠯᠵᠦ ᠪᠠᠶᠢᠭ᠎ᠠ ᠨᠢᠭᠡᠨ ᠵᠦᠢᠯ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠮᠥᠨ᠃ ᠡᠳᠦᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠢᠴᠢ ᠡᠯ᠎ᠡ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠲᠢᠩᠬᠢᠮ ᠳᠤ᠂ ᠡᠳᠦᠷ ᠪᠦᠷᠢ ᠰᠠᠭᠤᠭᠠᠯᠢ ᠠᠷᠠᠳ ᠢᠷᠡᠵᠦ ᠬᠠᠪᠰᠤᠷᠤᠯᠭ᠎ᠠ ᠬᠦᠰᠡᠵᠦ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ︾ ᠴᠤ ᠬᠡᠵᠢᠶᠡᠳᠡ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠦᠴᠢᠷ ᠠᠰᠠᠭᠤᠳᠠᠯ ᠢ ᠬᠦᠯᠢᠴᠡᠩᠭᠦᠶ ᠨᠢᠮᠪᠠᠶ ᠰᠢᠢᠳᠪᠦᠷᠢᠯᠡᠵᠦ ᠥᠭᠭᠦᠨ᠎ᠡ᠃    ᠣᠶᠢᠷ᠎ᠠ ᠳᠤ᠂ ᠨᠢᠭᠡ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠤᠲᠠᠰᠤ ᠪᠠᠷ ᠶᠠᠷᠢᠯᠴᠠᠭᠰᠠᠨ ᠪᠥᠭᠡᠳ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠨᠠᠰᠤ ᠠᠬᠠᠰᠢᠷᠠᠭᠰᠠᠨ ᠪᠣᠯᠬᠤᠷ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠤ ᠦᠢᠯᠡᠴᠢᠯᠡᠭᠡᠨ ᠤ ᠲᠥᠪ ᠲᠤ ᠬᠦᠷᠴᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠡᠶᠢᠯᠬᠦ ᠦᠭᠡᠢ ᠭᠡᠪᠡ᠃ ᠦᠢᠯᠡᠴᠢᠯᠡᠭᠡᠨ ᠤ ᠲᠥᠪ ᠤᠨ ᠠᠵᠢᠯᠲᠠᠳ ᠤᠯᠠᠮ ᠨᠢᠭᠡ ᠠᠯᠬᠤᠮ ᠣᠶᠢᠯᠠᠭᠠᠭᠰᠠᠨ ᠢᠶᠠᠷ  ᠺᠠᠩ ᠳ᠋ᠧᠩ ᠹᠦ᠋ ᠨᠠᠰᠤᠲᠠᠨ ᠰᠢᠤᠸᠠᠢ ᠹᠦ᠋ ᠰᠢᠨ ᠶᠤᠸᠠᠨ ᠲᠣᠭᠤᠷᠢᠭ ᠲᠤ ᠰᠠᠭᠤᠵᠤ᠂ 83 ᠨᠠᠰᠤᠲᠠᠶ ᠥᠨᠳᠥᠷ ᠨᠠᠰᠤᠲᠠᠶ᠂ ᠭᠡᠷ ᠲᠤᠨᠢ ᠬᠦᠷᠴᠦ  ᠦᠢᠯᠡᠴᠢᠯᠡᠪᠡ᠃    ᠲᠤᠬᠠᠶ ᠶᠢᠨ ᠡᠳᠦᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠤᠶᠠᠷ ᠰᠠᠯᠠᠭ᠎ᠠ ᠮᠥᠴᠢᠷ ᠤᠨ ᠠᠵᠢᠯᠲᠠᠨ ᠺᠠᠩ ᠳ᠋ᠧᠩ ᠹᠦ᠋ ᠨᠠᠰᠤᠲᠠᠨ ᠤ ᠬᠡᠷ ᠲᠤ ᠬᠦᠷᠴᠦ᠂ ᠨᠠᠰᠤᠲᠠᠨ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ ᠭᠡᠷᠡᠴᠢᠯᠡᠯ ᠢ ᠤᠷᠤᠭᠰᠢᠲᠠᠶ ᠪᠡᠶᠡᠯᠡᠭᠦᠯᠪᠡ᠃    ᠺᠠᠩ ᠳ᠋ᠧᠩ ᠹᠦ᠋ ᠨᠠᠰᠤᠲᠠᠨ ᠤ ᠬᠦᠦ᠄ ︽ᠲᠠᠨᠠᠷ ᠲᠤ ᠮᠠᠰᠢ ᠲᠠᠯᠠᠷᠬᠠᠵᠤ ᠪᠠᠶᠢᠨ᠎ᠠ᠂ ᠪᠠᠰᠠ ᠬᠡᠷ  ᠢᠷᠡᠵᠦ ᠦᠢᠯᠡᠴᠢᠯᠡᠵᠦ᠂ ᠪᠢᠳᠡᠨ ᠢ ᠬᠠᠪᠰᠤᠷᠴᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠤᠨ ᠠᠵᠢᠯ ᠢ ᠬᠦᠢᠴᠡᠳᠬᠡᠬᠦ ᠨᠢ ᠮᠠᠰᠢ ᠳᠣᠲᠣᠨᠣ ᠶᠤᠮ︾ ᠭᠡᠵᠦ ᠬᠡᠯᠡᠪᠡ᠃   ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠭᠤᠤᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠭᠡᠬᠦ︾ ᠦᠢᠯᠡᠴᠢᠯᠡᠭᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠰᠤᠷᠤᠯᠴᠠᠬᠤ ᠪᠠᠷ ᠺᠠᠳ᠋ᠷ ᠢ ᠠᠬᠢᠭᠤᠯᠵᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ︽ᠰᠢᠢᠳᠪᠦᠷᠢᠯᠡᠵᠦ ᠪᠣᠯᠬᠤ ᠥᠬᠡᠶ︾᠂ ︽ᠬᠦᠢᠴᠡᠳᠭᠡᠵᠦ ᠴᠢᠳᠠᠬᠤ ᠥᠬᠡᠶ︾᠂ ︽ᠰᠢᠢᠳᠪᠦᠷᠢᠯᠡᠵᠦ ᠴᠢᠳᠠᠬᠤ ᠥᠬᠡᠶ︾ ᠵᠦᠢᠯᠡᠰ ᠢ ᠬᠦᠴᠦᠯᠡᠨ ᠰᠠᠶᠢᠲᠤᠷ ᠰᠢᠢᠳᠪᠦᠷᠢᠯᠡᠬᠦ ᠶᠢᠨ ᠬᠠᠮᠲᠤ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠵᠦ ᠪᠠᠷᠢᠬᠤ ᠳᠤ ᠳᠥᠭᠦᠮ ᠦᠭᠡᠢ ᠥᠨᠥᠴᠢᠨ ᠪᠡᠯᠪᠡᠰᠦᠨ᠂ ᠥᠨᠳᠥᠷ ᠨᠠᠰᠤᠲᠠᠶ ᠵᠢᠴᠢ ᠵᠡᠮᠳᠡᠭᠴᠦᠳ ᠵᠡᠷᠭᠡ ᠣᠨᠴᠠᠭᠠᠶ ᠬᠥᠮᠦᠰ ᠲᠤ ᠬᠠᠪᠰᠤᠷᠤᠨ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠭᠦᠢᠴᠡᠳᠭᠡᠬᠦ ᠵᠡᠷᠭᠡ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠤᠯᠠᠭᠠᠴᠠᠭᠤᠯᠵᠤ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠭᠡᠬᠦ︾ ᠶᠢ ᠨᠠᠩ ᠳᠣᠲᠣᠨᠣ ᠪᠣᠯᠭᠠᠵᠤ᠂ ᠣᠯᠠᠨ ᠲᠦᠮᠡᠨ ᠢ ᠨᠠᠩ ᠣᠯᠠᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠲᠠᠢ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号