︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠄  ᠣᠳᠠᠰᠦ ᠢᠷᠡᠪᠡᠯ ᠬᠠᠷᠢᠭᠤ ᠳᠣᠰᠬᠠᠨ᠎ᠠ
ᠨᠡᠶᠢᠲᠡᠯᠡᠭᠰᠡᠨ ᠴᠠᠭ᠄
2023/10/7
  ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠨᠢᠭᠡ ᠲᠠᠯ᠎ᠠ ᠪᠠᠷ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠤᠯᠪᠣᠯᠳᠤᠵᠤ᠂ ᠨᠢᠭᠡ ᠲᠠᠯ᠎ᠠ ᠪᠠᠷ ᠠᠷᠠᠳ ᠣᠯᠠᠨ ᠤ ᠠᠵᠤ ᠠᠬᠤᠶᠢᠯᠠᠯ ᠲᠠᠢ ᠬᠤᠯᠪᠣᠯᠳᠤᠵᠤ ᠪᠠᠶᠢᠳᠠᠭ᠃ ᠡᠭᠦᠨ ᠤ ᠬᠠᠮᠲᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠦᠴᠢᠷ ᠠᠰᠠᠭᠤᠳᠠᠯ ᠢ ᠣᠨᠣᠪᠴᠢᠲᠠᠶ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠤᠨ᠎ᠠ᠃    ᠡᠨᠡ ᠵᠢᠯ ᠠᠴᠠ ᠨᠠᠰᠢ᠂ ᠮᠠᠨ ᠤ ᠬᠤᠲᠠ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠵᠠᠰᠠᠭ ᠤᠨ ᠣᠷᠳᠣᠨ ᠤ ᠠᠵᠤ ᠠᠬᠤᠶᠢᠯᠠᠯ ᠲᠠᠢ ᠬᠠᠷᠢᠯᠴᠠᠬᠤ᠂ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠭᠠᠬᠤ ᠶᠢ ᠪᠠᠷᠢᠮᠲᠠᠯᠠᠵᠤ᠂ ︽ᠣᠳᠠᠰᠦ ᠢᠷᠡᠪᠡᠯ ᠬᠠᠷᠢᠭᠤ ᠲᠤᠰᠬᠠᠬᠤ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠬᠠᠯᠠᠭᠤᠨ ᠤᠲᠠᠰᠤ ᠶᠢ ᠬᠦᠴᠦᠯᠡᠨ ᠪᠣᠶ ᠪᠣᠯᠭᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃    ᠡᠨᠡ ᠵᠢᠯ ᠤᠨ 8 ᠰᠠᠷ᠎ᠠ ᠶᠢᠨ ᠡᠬᠢ ᠪᠠᠷ᠂ ᠵᠢᠤᠢ ᠠᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠵᠤ ᠪᠠᠶᠢᠭ᠎ᠠ ᠣᠯᠠᠨ ᠲᠦᠮᠡᠨ ︽12345︾ ᠬᠠᠯᠠᠭᠤᠨ ᠤᠲᠠᠰᠤᠨ ᠳᠤ ᠤᠲᠠᠰᠤᠳᠠᠵᠤ ᠲᠤᠰᠬᠠᠭᠰᠠᠨ ᠨᠢ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠠᠰᠠᠷ ᠤᠨ ᠡᠮᠦᠨ᠎ᠡ ᠬᠤᠭᠤᠰᠣᠨ ᠭᠠᠵᠠᠷ ᠮᠠᠰᠢ ᠣᠯᠠᠨ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠲᠠᠢ᠂ ᠶᠡᠷᠦ ᠠᠴᠠ ᠴᠡᠪᠡᠷᠯᠡᠬᠦ ᠬᠥᠮᠦᠨ ᠦᠭᠡᠢ ᠪᠠᠶᠢᠵᠤ᠂ ᠡᠳᠦᠷ ᠲᠤᠲᠤᠮ ᠤᠨ ᠠᠮᠢᠳᠤᠷᠠᠯ ᠢ ᠨᠥᠯᠥᠭᠡᠯᠡᠭᠰᠡᠨ ᠪᠠᠶᠢᠨ᠎ᠠ᠃ ᠬᠤᠲᠠ ᠶᠢᠨ ︽12345︾ ᠠᠵᠢᠯ ᠤᠨ ᠥᠷᠲᠡᠭᠡ ᠲᠣᠰ ᠠᠵᠢᠯ ᠤᠨ ᠬᠠᠭᠤᠳᠠᠰᠤ ᠶᠢ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠣᠮᠢᠯᠠᠭᠰᠠᠨ ᠤ ᠳᠠᠷᠠᠭ᠎ᠠ᠂ ᠲᠣᠰ ᠲᠥᠪ ᠨᠢ ᠲᠡᠷᠡ ᠳᠠᠷᠤᠶ ᠳᠤᠨᠢ ᠣᠯᠠᠨ ᠲᠦᠮᠡᠨ ᠲᠠᠢ ᠬᠠᠷᠢᠯᠴᠠᠵᠤ ᠪᠣᠳᠠᠲᠠᠶ ᠪᠠᠶᠢᠳᠠᠯ ᠢ ᠣᠶᠢᠯᠠᠭᠠᠭᠰᠠᠨ ᠪᠥᠭᠡᠳ ᠠᠵᠢᠯᠲᠠᠨ ᠲᠣᠬᠢᠷᠠᠭᠤᠯᠵᠤ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠪᠠ᠃ ᠬᠢᠨᠠᠨ ᠬᠠᠷᠭᠤᠭᠤᠯᠤᠭᠰᠠᠨ ᠢᠶᠠᠷ᠂ ᠣᠯᠠᠨ ᠲᠦᠮᠡᠨ ᠤ ᠲᠤᠰᠬᠠᠭᠰᠠᠨ ᠰᠠᠭᠤᠭᠠᠯᠢ ᠲᠣᠭᠤᠷᠢᠭ ᠤᠨ ᠠᠰᠠᠷ ᠤᠨ ᠡᠮᠦᠨ᠎ᠡ ᠬᠤᠭᠤᠰᠣᠨ ᠭᠠᠵᠠᠷ ᠢ ᠨᠤᠷᠠᠭᠠᠵᠤ ᠨᠡᠭᠦᠯᠭᠡᠬᠦ ᠣᠷᠣᠨ ᠪᠣᠯᠭᠠᠵᠤ᠂ ᠣᠷᠣᠨ ᠪᠦᠰᠡ ᠶᠢᠨ ᠳᠣᠲᠣᠷ᠎ᠠ ᠦᠯᠡᠳᠡᠭᠳᠡᠵᠦ ᠢᠷᠡᠭᠰᠡᠨ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠬᠤᠭ ᠨᠣᠪᠰᠢ ᠪᠠᠶᠢᠬᠤ ᠪᠥᠭᠡᠳ ᠪᠠᠰᠠ ᠵᠠᠷᠢᠮ ᠠᠮᠢᠳᠤᠷᠠᠯ ᠤᠨ ᠬᠤᠭ ᠨᠣᠪᠰᠢ ᠪᠠᠶᠢᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠡᠷᠡ ᠳᠠᠷᠤᠶ ᠳᠤᠨᠢ ᠡᠩᠨᠡᠭᠡ ᠪᠠ ᠲᠡᠷᠭᠡ ᠬᠥᠰᠬᠡ ᠶᠢ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠪᠠᠷᠢᠯᠭ᠎ᠠ ᠪᠠ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠶᠢᠨ ᠬᠠᠮᠲᠤ ᠲᠡᠭᠰᠢᠯᠡᠨ ᠰᠢᠢᠳᠪᠣᠷᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠡᠭᠦᠰ ᠠᠮᠵᠢᠯᠲᠠ ᠲᠠᠢ ᠰᠢᠢᠳᠪᠦᠷᠢᠯᠡᠪᠡ᠃    ᠬᠤᠲᠠ ᠶᠢᠨ ︽12345︾ ᠠᠵᠢᠯ ᠤᠨ ᠥᠷᠲᠡᠭᠡ ᠶᠢᠨ ᠠᠵᠢᠯᠲᠠᠳ ᠬᠠᠷᠢᠭᠤ ᠰᠤᠷᠪᠤᠯᠵᠢᠯᠠᠬᠤ ᠦᠶ᠎ᠡ ᠳᠤ᠂ ᠰᠠᠭᠤᠭᠠᠯᠢ ᠠᠷᠠᠳ ᠡᠭᠦᠷᠭᠡ ᠴᠢᠳᠠᠪᠤᠷᠢᠲᠤ ᠨᠢᠭᠡᠴᠡ ᠶᠢᠨ ᠴᠠᠭ ᠲᠤᠬᠠᠶ ᠳᠤᠨᠢ ᠰᠢᠢᠳᠪᠦᠷᠢᠯᠡᠬᠦ ᠳᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃ ︽ᠮᠠᠰᠢ ᠲᠠᠯᠠᠷᠬᠠᠵᠤ ᠪᠠᠶᠢᠨ᠎ᠠ᠂ ᠡᠶᠢᠮᠦ ᠲᠦᠷᠭᠡᠨ ᠢᠶᠠᠷ ᠰᠢᠢᠳᠪᠤᠷᠢᠯᠠᠯ᠎ᠠ ᠭᠡᠵᠦ ᠪᠣᠳᠣᠵᠤ ᠪᠠᠶᠢᠭᠰᠠᠨ ᠥᠬᠡᠶ᠂ ︿12345﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠨᠢ ᠮᠠᠨ ᠤ ᠠᠷᠠᠳ ᠤᠨ ᠰᠡᠳᠬᠢᠯ   ᠢ ᠳᠣᠰᠬᠠᠬᠤ ᠳᠤ  ᠮᠠᠰᠢ ᠳᠦᠬᠦᠮ ᠪᠣᠯᠵᠠᠢ︾ ᠭᠡᠵᠦ ᠰᠠᠭᠤᠭᠠᠯᠢ ᠠᠷᠠᠳ ᠭᠡᠯᠡᠪᠡ᠃      ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠠᠩ ᠰᠠᠶᠢᠲᠤᠷ ᠠᠬᠢᠭᠤᠯᠬᠤ ᠶᠢᠨ  ᠳᠣᠯᠠᠳᠠ᠂ ᠮᠠᠨ ᠤ ᠬᠤᠲᠠ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠵᠢᠯ ᠤᠨ ᠴᠤᠪᠤᠷᠠᠯ ᠢ ᠰᠢᠯᠢᠳᠡᠭᠵᠢᠭᠦᠯᠪᠡ᠃ ᠰᠢᠯᠢ ᠶᠢᠨ ᠭᠤᠤᠯ ᠠᠶᠢᠮᠠᠭ ᠤᠨ ︽12345︾ ᠬᠠᠯᠠᠮᠰᠢᠯ ᠤᠲᠠᠰᠤ ᠲᠣᠮᠢᠯᠠᠨ ᠶᠠᠪᠤᠭᠤᠯᠬᠤ ᠡᠭᠦᠷᠭᠡ ᠶᠢ ᠣᠯᠤᠭᠰᠠᠨ ᠤ ᠳᠠᠷᠠᠭ᠎ᠠ᠂ ᠬᠤᠲᠠ ᠶᠢᠨ ︽12345︾ ᠠᠵᠢᠯ ᠤᠨ ᠥᠷᠲᠡᠭᠡ ᠠᠴᠠ ᠭᠤᠤᠯᠯᠠᠨ ᠡᠷᠭᠢᠯᠡᠭᠰᠡᠨ ᠨᠢᠭᠡᠴᠡ ᠪᠠ ᠬᠠᠪᠰᠤᠷᠤᠨ ᠬᠦᠢᠴᠡᠳᠬᠡᠬᠦ ᠨᠢᠭᠡᠴᠡ ᠳᠤ ᠲᠣᠮᠢᠯᠠᠨ ᠲᠠᠷᠬᠠᠭᠠᠨ‌‍ᠰᠢᠢᠳᠪᠣᠷᠢᠯᠡᠬᠦᠯᠵᠦ᠂ ᠭᠥᠯᠢᠶᠡᠨ ᠠᠪᠴᠤ ᠰᠢᠢᠳᠪᠦᠷᠢᠯᠡᠬᠦ᠂ ᠬᠠᠭᠤᠳᠠᠰᠤ ᠲᠣᠮᠢᠯᠠᠬᠤ᠂ ᠰᠢᠮᠳᠠᠭᠤᠯᠤᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ᠂ ᠬᠠᠷᠢᠭᠤ ᠰᠤᠷᠪᠤᠯᠵᠢᠯᠠᠬᠤ᠂ ᠲᠠᠩᠰᠠ ᠡᠪᠬᠡᠮᠡᠯ ᠳᠤ ᠣᠷᠣᠭᠤᠯᠬᠤ ᠶᠢ ᠲᠡᠭᠦᠯᠳᠡᠷᠵᠢᠭᠦᠯᠵᠦ᠂ ᠰᠢᠰᠲ᠋ᠧᠮ ᠲᠠᠢ ᠥᠨᠳᠥᠷ ᠪᠦᠲᠦᠮᠵᠢᠲᠡᠶ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ ᠡᠭᠦᠨ ᠤ ᠬᠠᠮᠲᠤ᠂ ᠱᠠᠲᠤ ᠲᠥᠷᠥᠯ ᠬᠤᠪᠢᠶᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠤᠴᠢᠷ ᠶᠠᠪᠤᠳᠠᠯ ᠢ ᠡᠩ ᠤᠨ᠂ ᠪᠠᠴᠢᠮ ᠪᠠ ᠣᠨᠴᠠ ᠪᠠᠴᠢᠮ ᠭᠡᠵᠦ 3 ᠲᠥᠷᠥᠯ ᠳᠤ ᠬᠤᠪᠢᠶᠠᠨ᠎ᠠ᠃ ᠡᠨᠡ ᠬᠤᠭᠤᠴᠠᠭᠠᠨ ᠳᠤ᠂ ᠡᠩ ᠤᠨ ᠵᠦᠢᠯᠡᠰ ᠤᠨ ᠠᠰᠠᠭᠤᠨ ᠯᠠᠪᠯᠠᠬᠤ ᠲᠥᠷᠥᠯ ᠢ 2 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠠᠨᠠᠭᠤᠯᠭ᠎ᠠ ᠵᠡᠷᠭᠡ ᠠᠰᠠᠭᠤᠨ ᠯᠠᠪᠯᠠᠬᠤ ᠪᠤᠰᠤ ᠲᠥᠷᠥᠯ ᠢ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠪᠠᠴᠢᠮ ᠬᠡᠷᠡᠭ ᠶᠠᠪᠤᠳᠠᠯ ᠢ 24 ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠣᠨᠴᠠ ᠪᠠᠴᠢᠮ ᠬᠡᠷᠡᠭ ᠶᠠᠪᠤᠳᠠᠯ ᠢ 12 ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠳᠠᠷᠤᠢ ᠰᠢᠢᠳᠪᠦᠷᠢᠯᠡᠬᠦ ᠵᠦᠢᠯ ᠢ ᠳᠠᠷᠤᠢ ᠲᠦᠷᠭᠡᠨ ᠰᠢᠢᠳᠪᠦᠷᠢᠯᠡᠬᠦ ᠶᠢ ᠪᠠᠷᠢᠮᠲᠠᠯᠠᠪᠠ᠃    ᠡᠨᠡ ᠵᠢᠯ ᠤᠨ ᠲᠦᠷᠦᠭᠦᠤ 9 ᠰᠠᠷ᠎ᠠ ᠳᠤ᠂ ᠮᠠᠨ ᠤ ᠬᠤᠲᠠ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ 9310 ᠬᠤᠪᠢ ᠭᠥᠯᠢᠶᠡᠨ ᠠᠪᠴᠤ᠂ ᠡᠵᠡᠩᠨᠡᠯᠲᠡ ᠶᠢᠨ ᠭᠤᠤᠯ ᠴᠣᠭᠴᠠ ᠵᠢᠴᠢ ᠣᠯᠠᠨ ᠲᠦᠮᠡᠨ ᠤ ᠮᠠᠭᠲᠠᠭᠠᠯ ︵ᠲᠠᠯᠠᠷᠬᠠᠵᠤ ᠪᠠᠶᠢᠭ᠎ᠠ︶ ᠤᠲᠠᠰᠤ ᠶᠢ 8857 ᠬᠤᠪᠢ ᠭᠥᠯᠢᠶᠡᠨ ᠠᠪᠴᠤ᠂ ᠬᠠᠯᠠᠮᠰᠢᠯ ᠤᠲᠠᠰᠤᠨ ᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ 100% ᠳᠤ ᠬᠥᠷᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号