ᠬᠤᠲᠠ ᠶᠢᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 16 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2023/11/1
  10 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 16 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠬᠠᠪᠰᠤᠷᠤᠨ ᠵᠢᠯᠣᠭᠤᠳᠣᠯᠭ᠎ᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠨᠠᠷ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠤᠬᠢᠴᠠᠭᠤᠯᠭ᠎ᠠ ᠶᠢᠨ ᠬᠤᠯᠪᠣᠭ᠎ᠠ ᠠᠪᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
  ᠸᠠᠩ ᠰᠠᠨ ᠱᠢ ︽ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠶᠡᠭᠡ ᠲᠠᠯ᠎ᠠ ᠳᠤ ᠦᠢᠯᠡᠴᠢᠯᠡᠬᠦ ᠳᠤᠮᠳᠠ ᠲᠠᠬᠢᠨ ᠰᠢᠨ᠎ᠡ ᠭᠠᠪᠢᠶ᠎ᠠ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠵᠢᠯᠤᠭᠤᠳᠤᠯᠭ᠎ᠠ ᠬᠢᠪᠡ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠭᠠᠳᠠᠭᠠᠳᠤ ᠨᠡᠭᠡᠭᠡᠯᠲᠡ ᠶᠢᠨ ᠲᠤᠬᠠᠶ ᠴᠢᠬᠤᠯᠠ ᠥᠭᠦᠯᠡᠯᠲᠡ ᠪᠣᠯ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠰᠢᠨ᠎ᠡ ᠴᠠᠭ ᠦᠶ᠎ᠡ ᠳᠤ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠬᠤ ᠦᠨᠳᠦᠰᠦᠨ ᠵᠢᠷᠤᠮᠯᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠭᠠᠳᠠᠭᠠᠳᠤ ᠨᠡᠭᠡᠭᠡᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠭᠦᠨ ᠤ ᠵᠣᠭᠰᠣᠯᠲᠠ ᠦᠵᠡᠯᠲᠡ ᠠᠷᠭ᠎ᠠ ᠶᠢ ᠲᠤᠭᠤᠰᠢᠯᠠᠭᠤᠯᠤᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠴᠢᠬᠤᠯᠠ ᠲᠤᠯᠬᠤ ᠴᠡᠭ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠳᠤᠮᠳᠠᠳᠤ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠴᠢᠬᠤᠯᠠ ᠲᠠᠪᠴᠠᠩ᠂ ︽ᠨᠢᠭᠡ ᠪᠦᠰᠡ ᠨᠢᠭᠡ ᠵᠠᠮ︾ ᠤᠨ ᠴᠢᠬᠤᠯᠠ ᠬᠦᠢᠰᠦ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠣᠶ ᠪᠣᠯᠭᠠᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠳᠠᠭᠠᠳᠤ ᠨᠡᠭᠡᠭᠡᠯᠲᠡ ᠶᠢᠨ ᠲᠠᠪᠴᠠᠩ ᠢ ᠪᠠᠶᠢᠭᠤᠯᠵᠤ᠂ ᠪᠣᠭᠤᠮᠲᠠ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠥᠷᠭᠡᠳᠬᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠳᠣᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠥᠭᠡᠯᠡᠨ᠂ ᠠᠯᠤᠰ ᠬᠡᠳᠤ ᠶᠢᠨ ᠤᠷᠢᠳᠴᠢᠯᠠᠭᠰᠠᠨ ᠪᠦᠬᠦ ᠪᠥᠮᠪᠥᠷᠴᠡᠭ ᠤᠨ ᠬᠠᠷᠠᠭᠠᠰᠤ ᠠᠴᠠ ᠨᠡᠭᠡᠭᠡᠯᠳᠠ ᠶᠢ ᠪᠣᠳᠣᠯᠬᠢᠯᠠᠵᠤ᠂ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠡᠷᠡᠰ ᠭᠤᠶᠢᠪᠢᠰᠢ ᠦᠭᠡᠢ ᠲᠡᠦᠬᠡ ᠶᠢᠨ ᠢᠲᠡᠭᠡᠯ ᠢᠶᠠᠷ ᠨᠡᠭᠡᠭᠡᠯᠳᠠ ᠶᠢ ᠲᠥᠯᠥᠪᠵᠢᠭᠦᠯᠵᠦ᠂ ᠤᠯᠠᠮ ᠴᠢᠨᠠᠭᠰᠢᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠠᠪᠢᠶ᠎ᠠ ᠵᠢᠳᠬᠦᠯ ᠪᠠᠶᠢᠭᠤᠯᠬᠤ ᠳᠤ ᠯᠠᠪᠲᠠᠢ ᠥᠪᠡᠷ ᠤᠨ ᠭᠡᠰᠡᠨ ᠬᠡᠬᠦᠳᠡᠭ ᠴᠡᠭᠡᠵᠢ ᠪᠠᠷ ᠨᠡᠭᠡᠭᠡᠯᠳᠠ ᠶᠢ ᠠᠬᠢᠭᠤᠯᠵᠤ᠂ ᠤᠯᠠᠮ ᠴᠢᠨᠠᠭᠰᠢᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠷᠢᠭᠲᠠᠢ ᠪᠠᠷ ᠲᠦᠷᠦᠭᠦᠯᠡᠬᠦ ᠣᠮᠤᠭ ᠵᠣᠷᠢᠭ ᠢᠶᠠᠷ ᠨᠡᠭᠡᠭᠡᠯᠳᠠ ᠶᠢ ᠭᠦᠨᠵᠡᠭᠡᠶᠢᠷᠡᠭᠦᠯᠵᠦ᠂ ᠴᠢᠩᠭ᠎ᠠ ᠲᠡᠮᠡᠴᠡᠬᠦ ᠵᠣᠷᠢᠭ ᠢᠶᠠᠷ ᠪᠣᠭᠤᠮᠲᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠬᠤ ᠬᠡᠷᠡᠭᠲᠡᠢ᠃
   31 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠬᠤ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠦ ᠪᠦᠦ ᠳ᠋ᠦᠩ᠂ ᠴᠣᠭᠵᠢᠯ᠂ ᠵᠠᠩ ᠶᠢᠩ ᠵᠢᠶᠧ᠂ ᠪᠠᠢ ᠱᠤ᠋ ᠮᠢᠩ᠂ ᠳ᠋ᠦᠩ ᠵᠢᠶᠧ ᠹᠧᠩ᠂ ᠸᠠᠩ ᠵᠢᠩ᠂ ᠸᠠᠩ ᠳ᠋ᠦᠩ ᠱᠧᠩ᠂ ᠵᠠᠩ ᠶᠦᠩ ᡁᠢ᠂ ᠰᠢᠯᠢᠨᠪᠠᠭᠠᠳᠣᠷ᠂ ᠢᠦᠢ ᠬᠤᠩ ᠯᠢ ᠵᠡᠷᠭᠡ ᠨᠥᠬᠦᠳ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠰᠠᠨ ᠱᠢ᠂ ︽ᠮᠢᠩᠭᠠᠨ ᠲᠦᠮᠡᠨ ᠢᠨᠵᠧᠨᠧᠷᠢᠩ︾ ᠤᠨ ᠣᠨᠣᠯ ᠪᠠ ᠦᠢᠯᠡᠳᠦᠯᠭᠡ ᠶᠢ ᠬᠠᠷᠢᠯᠴᠠᠨ ᠤᠶᠠᠯᠳᠤᠭᠤᠯᠵᠤ᠂ ᠬᠠᠷᠢᠯᠴᠠᠨ ᠠᠬᠢᠭᠤᠯᠤᠭᠰᠠᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠨᠡᠨ ᠪᠣᠳᠠᠲᠠᠶ ᠬᠥᠭᠵᠢᠯᠲᠡ ᠶᠢᠨ ᠦᠷ᠎ᠡ ᠪᠦᠲᠦᠮᠵᠢ ᠪᠠᠷ ᠠᠷᠠᠳ ᠲᠦᠮᠡᠨ ᠳᠤ ᠪᠤᠶᠠᠨ ᠦᠢᠯᠡᠳᠴᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠪᠣᠭᠤᠮᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠶ᠃
   ᠲᠤᠬᠠᠶ ᠶᠢᠨ ᠡᠳᠦᠷ᠂ ᠬᠤᠲᠠ ᠶᠢᠨ ᠤᠳᠤᠷᠢᠳᠤᠯᠭ᠎ᠠ ᠰᠠᠶᠢᠬᠤᠰᠤ ᠭᠠᠴᠠᠭ᠎ᠠ ᠳᠤ ᠬᠦᠷᠴᠦ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠯ ᠰᠠᠨᠠᠭ᠎ᠠ ᠶᠢ ᠣᠶᠢᠯᠠᠭᠠᠵᠤ᠂ ᠬᠤᠪᠢᠰᠬᠠᠯ ᠤᠨ ᠤᠯᠠᠮᠵᠢᠯᠠᠯ ᠢ ᠤᠯᠠᠮᠵᠢᠯᠠᠨ ᠰᠢᠨ᠎ᠡ ᠭᠠᠪᠢᠶ᠎ᠠ ᠪᠠᠶᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号