ᠰᠠᠶᠢᠬᠤᠰᠤ ᠨᠢᠰᠬᠡᠯ ᠤᠨ ᠪᠠᠭᠤᠳᠠᠯ 10 ᠰᠠᠷ᠎ᠠ ᠶᠢᠨ 29 ᠤ ᠡᠳᠦᠷ ᠠᠴᠠ ᠡᠬᠢᠯᠡᠨ ᠡᠪᠦᠯ ᠤᠨ ᠤᠯᠠᠷᠢᠯ ᠤᠨ ᠠᠭᠠᠷ  ᠠᠶᠠᠯᠠᠯ ᠤᠨ ᠲᠥᠯᠥᠪᠯᠡᠭᠡ  ᠪᠠᠨ  ᠬᠡᠷᠡᠭᠵᠢᠭᠦᠯᠦᠭᠰᠡᠨ
ᠨᠡᠶᠢᠲᠡᠯᠡᠭᠰᠡᠨ ᠴᠠᠭ᠄
2023/11/1
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄         10 ᠰᠠᠷ᠎ᠠ ᠶᠢᠨ 29 ᠤ ᠡᠳᠦᠷ ᠠᠴᠠ ᠡᠬᠢᠯᠡᠨ᠂ ᠰᠠᠶᠢᠬᠤᠰᠤ  ᠨᠢᠰᠬᠡᠯ ᠤᠨ ᠪᠠᠭᠤᠳᠠᠯ 2023 ᠣᠨ ᠤ ᠡᠪᠦᠯ ᠤᠨ ᠤᠯᠠᠷᠢᠯ ᠤᠨ ᠠᠭᠠᠷ ᠠᠶᠠᠯᠠᠯ ᠤᠨ ᠡᠭᠡᠯᠵᠢ ᠶᠢᠨ ᠲᠥᠯᠥᠪᠯᠡᠭᠡ ᠶᠢ ᠬᠡᠷᠡᠭᠵᠢᠭᠦᠯᠵᠦ᠂  ᠡᠪᠦᠯ ᠤᠨ ᠤᠯᠠᠷᠢᠯ  ᠤᠨ ᠡᠭᠡᠯᠵᠢ ᠨᠢ 2024 ᠣᠨ ᠤ 3 ᠰᠠᠷ᠎ᠠ ᠶᠢᠨ 30 ᠤ ᠡᠳᠦᠷ  ᠲᠠᠭᠤᠰᠴᠤ᠂  ᠨᠡᠶᠢᠲᠡ 154 ᠡᠳᠦᠷ ᠦᠷᠭᠦᠯᠵᠢᠯᠡᠨ᠎ᠡ᠃ ᠲᠠᠶᠢᠯᠪᠦᠷᠢ᠄       2023 ᠣᠨ ᠤ ᠡᠪᠦᠯ ᠤᠨ ᠤᠯᠠᠷᠢᠯ ᠤᠨ ᠠᠭᠠᠷ ᠠᠶᠠᠯᠠᠯ ᠤᠨ  ᠬᠤᠭᠤᠴᠠᠭᠠᠨ ᠳᠤ᠂ ᠰᠠᠶᠢᠬᠤᠰᠤ ᠨᠢᠰᠬᠡᠯ ᠤᠨ ᠪᠠᠭᠤᠳᠠᠯ ᠤᠤᠯ ᠤᠨ ᠪᠠᠶᠢᠭᠰᠠᠨ ᠠᠭᠠᠷ ᠠᠶᠠᠯᠠᠯ ᠤᠨ ᠱᠤᠭᠤᠮ ᠤᠨ ᠲᠣᠣᠷ  ᠰᠦᠯᠵᠢᠶᠠᠨ ᠤ  ᠪᠠᠶᠢᠷᠢᠰᠢᠭᠤᠯᠤᠯᠲᠠ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠠᠭᠠᠷ ᠠᠶᠠᠯᠠᠯ ᠤᠨ ᠱᠤᠭᠤᠮ ᠤᠨ ᠲᠣᠣᠷ ᠰᠦᠯᠵᠢᠶ᠎ᠡ ᠵᠢᠴᠢ ᠴᠠᠭ  ᠢ ᠦᠷᠭᠦᠯᠵᠢᠯᠡᠨ ᠰᠢᠯᠢᠳᠡᠭᠵᠢᠭᠦᠯᠵᠦ᠂ 6 ᠵᠤᠷᠪᠤᠰ ᠠᠭᠠᠷ  ᠠᠶᠠᠯᠠᠯ ᠤᠨ ᠱᠤᠭᠤᠮ ᠢ  ᠨᠡᠪᠳᠡᠷᠡᠭᠦᠯᠵᠦ᠂ ᠪᠡᠭᠡᠵᠢᠩ᠂ ᠲᠢᠶᠠᠨᠵᠢᠨ᠂ ᠬᠥᠬᠡᠬᠤᠲᠠ᠂ ᠪᠤᠭᠤᠲᠤ᠂ ᠤᠯᠠᠭᠠᠨᠬᠠᠳᠠ᠂ ᠲᠦᠩᠯᠢᠶᠣᠣ᠂ ᠰᠢᠯᠢᠩᠬᠤᠲᠠ᠂ ᠮᠠᠨᠵᠤᠤᠷ ᠵᠡᠷᠭᠡ 8  ᠬᠤᠳᠠᠨ ᠳᠤ  ᠨᠢᠰᠬᠦ  ᠪᠤᠯᠤᠨ᠎ᠠ᠃        ᠤᠯᠠᠷᠢᠯ  ᠰᠤᠯᠢᠠᠠᠳ᠋ᠬᠠᠰᠡᠨ ᠤ ᠳᠠᠷᠠᠭ᠎ᠠ᠂ ︽ᠪᠡᠭᠡᠵᠢᠩ ᠲᠢᠶᠠᠨᠵᠢᠨ︾ ᠤ ᠠᠭᠠᠷ  ᠠᠶᠠᠯᠠᠯ ᠤᠨ ᠱᠤᠭᠤᠮ ᠤᠨ ᠲᠣᠭᠲᠠᠭᠤᠨ ᠢᠶᠠᠷ ᠨᠡᠪᠲᠡᠷᠡᠬᠦ ᠶᠢ ᠪᠠᠲᠤᠯᠠᠨ᠎ᠠ  ᠃  ᠡᠷᠢᠶᠡᠨ ᠬᠤᠲᠠ   ᠠᠴᠠ ᠬᠥᠬᠡᠬᠤᠲᠠ ᠬᠦᠷᠬᠦ ᠠᠭᠠᠷ  ᠠᠶᠠᠯᠠᠯ ᠤᠨ ᠱᠤᠭᠤᠮ  ᠢ ᠡᠳᠦᠷ ᠪᠦᠷᠢ 3 ᠡᠭᠡᠯᠵᠢ  ᠲᠤᠬᠢᠷᠠᠭᠤᠯᠵᠦ᠂ ᠪᠤᠭᠤᠲᠤ  ᠠᠴᠠ ᠡᠷᠢᠶᠡᠨ ᠬᠤᠲᠠ  ᠂ ᠮᠠᠨᠵᠤᠤᠷ  ᠬᠦᠷᠬᠦ ᠠᠭᠠᠷ ᠠᠶᠠᠯᠠᠯ ᠤᠨ ᠱᠤᠭᠤᠮ ᠢ ᠦᠷᠭᠦᠯᠵᠢᠯᠡᠨ  ᠨᠡᠪᠳᠡᠷᠡᠭᠦᠯᠵᠦ᠂ ᠪᠥᠬᠦ ᠵᠢᠯ ᠤᠨ ᠠᠶᠠᠯᠠᠯ ᠢ ᠪᠠᠲᠤᠯᠠᠨ᠎ᠠ  ᠃ ᠬᠥᠬᠡᠬᠤᠲᠠ  ᠠᠴᠠ ᠡᠷᠢᠶᠡᠨ ᠬᠤᠲᠠ  ᠂ ᠲᠦᠩᠯᠢᠶᠣᠣ  ᠬᠦᠷᠬᠦ  ᠠᠭᠠᠷ ᠠᠶᠠᠯᠠᠯ ᠤᠨ ᠡᠭᠡᠯᠵᠢ ᠶᠢᠨ ᠬᠤᠭᠤᠴᠠᠭ᠎ᠠ ᠶᠢ  ᠨᠡᠮᠡᠭᠳᠡᠭᠦᠯᠵᠦ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ  ᠬᠠᠩᠭᠠᠵᠤ᠂ ᠬᠤᠲᠠ ᠶᠢᠨ ᠬᠤᠭᠤᠷᠤᠨᠳᠤᠬᠢ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃           ᠡᠭᠦᠨ ᠤ  ᠬᠠᠮᠳᠦ᠂ ᠰᠠᠶᠢᠬᠤᠰᠤ ᠨᠢᠰᠬᠡᠯ ᠤᠨ ᠪᠠᠭᠤᠳᠠᠯ  ᠠᠭᠠᠷ  ᠠᠶᠠᠯᠠᠯ ᠤᠨ ᠺᠣᠮᠫᠠᠨᠢ ᠲᠠᠢ ᠢᠳᠡᠪᠬᠢᠲᠡᠢ ᠪᠠᠷ  ᠵᠤᠬᠢᠴᠠᠯᠳᠤᠵᠦ ᠨᠢᠰᠬᠡᠯ ᠤᠨ ᠪᠢᠯᠧᠲ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ ᠂ ᠡᠷᠢᠶᠡᠨ ᠬᠤᠲᠠ ᠠᠴᠠ ᠰᠢᠯᠢᠩᠬᠤᠲᠠ ᠬᠦᠷᠬᠦ ᠪᠢᠯᠧᠲ ᠶᠢᠨ ᠦᠨ᠎ᠡ 50 ᠲᠥᠭᠦᠷᠢᠭ ︵ᠭᠠᠶᠢᠯᠢ ᠪᠠᠭᠲᠠᠬᠤ ᠦᠭᠡᠢ︶᠂ ᠡᠷᠢᠶᠡᠨ ᠬᠤᠲᠠ ᠠᠴᠠ ᠤᠯᠠᠭᠠᠨᠬᠠᠳᠠ ᠬᠦᠷᠬᠦ ᠪᠢᠯᠧᠲ ᠶᠢᠨ ᠦᠨ᠎ᠡ 230 ᠲᠥᠭᠦᠷᠢᠭ ︵ᠭᠠᠶᠢᠯᠢ ᠪᠠᠭᠲᠠᠬᠤ ᠦᠭᠡᠢ︶᠂ ᠡᠷᠢᠶᠡᠨ ᠬᠤᠲᠠ ᠠᠴᠠ ᠬᠥᠬᠡᠬᠤᠲᠠ ᠬᠦᠷᠬᠦ ᠪᠢᠯᠧᠲ ᠶᠢᠨ ᠦᠨ᠎ᠡ 200 ᠲᠥᠭᠦᠷᠢᠭ ︵ᠭᠠᠶᠢᠯᠢ ᠪᠠᠭᠲᠠᠬᠤ ᠦᠭᠡᠢ︶  ᠬᠢᠮᠳᠠᠷᠠᠯ ᠲᠠᠢ ᠪᠢᠯᠧᠲ  ᠬᠤᠳᠠᠯᠳᠤᠵᠦ᠂ ᠠᠶᠠᠯᠠᠯ ᠤᠨ ᠥᠪᠡᠷ ᠤᠨ ᠥᠷᠲᠡᠭ ᠢ  ᠪᠠᠭᠤᠷᠠᠭᠤᠯᠤᠨ᠂ ᠡᠭᠡᠯᠵᠢ ᠶᠢᠨ ᠨᠢᠰᠬᠡᠯ ᠤᠨ ᠰᠠᠭᠤᠳᠠᠯ ᠤᠨ ᠨᠣᠷᠮ᠎ᠠ ᠶᠢ ᠳᠡᠭᠡᠭᠰᠢᠯᠡᠭᠦᠯᠪᠡ᠃       ᠣᠶᠢᠯᠠᠭᠠᠭᠰᠠᠨ ᠢᠶᠠᠷ᠂ ᠰᠠᠶᠢᠬᠤᠰᠤ ᠨᠢᠰᠬᠡᠯ ᠤᠨ ᠪᠠᠭᠤᠳᠠᠯ ᠤᠯᠠᠷᠢᠯ  ᠰᠣᠯᠢᠠᠠᠳ᠋ᠬᠠᠰᠡᠨ ᠤ ᠳᠠᠷᠠᠭᠠᠬᠢ ᠡᠭᠡᠯᠵᠢ ᠶᠢᠨ ᠨᠢᠰᠬᠡᠯ ᠤᠨ ᠡᠵᠡᠩᠨᠡᠯᠲᠡ ᠪᠣᠯᠣᠨ ᠠᠶᠠᠨᠴᠢᠳ  ᠲᠤ ᠦᠢᠯᠡᠴᠢᠯᠡᠬᠦ  ᠠᠵᠢᠯ ᠢ  ᠰᠠᠶᠢᠲᠤᠷ ᠬᠢᠵᠦ᠂ ᠡᠭᠡᠯᠵᠢ ᠶᠢᠨ ᠨᠢᠰᠬᠡᠯ ᠤᠨ ᠤᠬᠠᠭᠤᠯᠭ᠎ᠠ ᠶᠢᠨ ᠡᠷᠴᠢᠮ ᠢᠶᠠᠨ  ᠨᠡᠮᠡᠭᠳᠡᠭᠦᠯᠵᠦ᠂ ᠠᠷᠠᠳ ᠲᠤ ᠲᠦᠬᠦᠮ ᠦᠵᠡᠭᠦᠯᠬᠦ ᠠᠭᠠᠷ ᠠᠶᠠᠯᠠᠯ ᠤᠨ ᠦᠢᠯᠡᠳᠬᠦᠨ  ᠭᠠᠷᠭᠠᠵᠤ᠂  ᠠᠶᠠᠨᠴᠢᠳ ᠤᠨ ᠠᠶᠠᠯᠠᠯ ᠳᠤ  ᠲᠦᠬᠦᠮ ᠦᠵᠡᠭᠦᠯᠬᠦ ᠪᠠᠷ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号