【 ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ 】 ᠡᠷᠢᠶᠡᠨ ᠬᠤᠲᠠ ᠶᠢᠨ ᠰᠢᠨᠬᠤᠸᠠ ᠨᠣᠮ ᠤᠨ ᠳᠡᠯᠭᠡᠭᠦᠷ᠄  ᠨᠣᠮ ᠣᠩᠰᠢᠬᠤ ᠪᠠ ᠪᠣᠯᠪᠠᠰᠣᠨ ᠰᠣᠷᠳᠠᠯ ᠤᠨ ᠬᠦᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2023/11/15
       
   ᠤᠩᠰᠢᠯᠭ᠎ᠠ ᠪᠣᠯ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ᠂ ᠠᠷᠠᠳ ᠢᠷᠭᠡᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠃ ᠣᠶᠢᠷ᠎ᠠ ᠶᠢᠨ ᠵᠢᠯ ᠳᠤ᠂ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠰᠣᠶᠣᠯ ᠤᠨ ᠤᠬᠠᠭᠤᠯᠭ᠎ᠠ ᠶᠢᠨ ᠴᠢᠬᠤᠯᠠ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠰᠤᠷᠭᠠᠭᠤᠯᠢ᠂ ᠪᠠᠶᠢᠭᠤᠯᠭ᠎ᠠ ᠨᠢᠭᠡᠴᠡ ᠲᠠᠢ ᠬᠤᠯᠪᠣᠭᠠᠯᠠᠨ ᠶᠠᠷᠢᠶᠠᠨ ᠤ ᠤᠷᠤᠯᠳᠤᠭᠠᠨ᠂ ᠭᠤᠤᠯ ᠰᠡᠳᠦᠪᠲᠦ ᠤᠩᠰᠢᠯᠭ᠎ᠠ᠂ ᠬᠡᠷ ᠪᠦᠯᠢ ᠬᠠᠷᠢᠯᠴᠠᠨ ᠬᠥᠳᠡᠯᠦᠯᠴᠡᠬᠦ᠂ ᠨᠠᠮ ᠤᠨ ᠡᠳᠦᠷ ᠤᠨ ᠠᠵᠢᠯᠯᠠᠭ᠎ᠠ ᠵᠡᠷᠭᠡ ᠶᠢ ᠦᠷᠭᠦᠯᠵᠢᠯᠡᠨ ᠡᠷᠭᠢᠯᠡᠵᠦ᠂ ᠨᠣᠮ ᠢᠶᠠᠷ ᠵᠠᠭᠤᠴᠢ ᠪᠣᠯᠭᠠᠵᠤ᠂ ᠤᠩᠰᠢᠯᠭ᠎ᠠ ᠶᠢᠨ ᠲᠠᠪᠴᠠᠩ ᠢ ᠪᠠᠶᠢᠭᠤᠯᠵᠤ᠂ ︽ᠪᠢᠴᠢᠭ ᠤᠨ ᠰᠤᠷᠪᠤᠯᠵᠢ︾ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
   ᠨᠤᠮ ᠤᠨ ᠦᠨᠦᠷ ᠬᠠᠮᠤᠭ ᠬᠤᠯᠠ᠂ ᠰᠢᠯᠦᠭ ᠨᠤᠮ ᠲᠠᠢ᠃  ᠣᠩᠰᠢᠯᠭ᠎ᠠ ᠪᠣᠯ ᠰᠡᠳᠭᠢᠯ ᠤᠨ ᠪᠣᠯᠵᠤᠭ᠎ᠠ᠂ ᠨᠡᠩ ᠴᠦ ᠣᠶᠤᠨ ᠤᠬᠠᠭᠠᠨ ᠤ ᠮᠥᠷᠭᠦᠯ᠃ ᠡᠨᠡᠬᠦ ᠵᠢᠵᠢᠭ ᠬᠤᠲᠠᠨ ᠳᠤ᠂ ᠨᠣᠮ ᠤᠩᠰᠢᠬᠤ ᠳᠤᠷᠠᠲᠠᠢ ᠬᠦᠮᠦᠨ ᠨᠢᠭᠡ ᠪᠦᠷᠢ ᠶᠢᠨ ᠬᠠᠮᠤᠭ ᠤᠨ ᠪᠠᠶᠠᠷᠲᠠᠢ᠂ ᠬᠠᠮᠤᠭ ᠤᠨ ᠦᠷᠭᠦᠯᠵᠢ ᠬᠡᠷᠡᠭᠯᠡᠬᠦ ᠭᠠᠵᠠᠷ ᠨᠢ ᠯᠠᠪᠲᠠᠢ ᠰᠢᠨᠬᠤᠸᠠ ᠨᠣᠮ ᠤᠨ ᠳᠡᠯᠭᠡᠭᠦᠷ ᠪᠣᠯᠤᠨ᠎ᠠ᠃    ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠲᠤ ᠣᠷᠣᠬᠤ ᠳᠤ᠂ ᠭᠦᠨ ᠵᠤᠵᠠᠭᠠᠨ ᠦᠨᠳᠦᠰᠦᠲᠡᠨ ᠤ ᠰᠣᠶᠣᠯ ᠤᠨ ᠣᠨᠴᠠᠯᠢᠭ ᠲᠠᠢ ᠵᠠᠰᠠᠯ ᠴᠢᠮᠡᠭᠯᠡᠯ ᠤᠨ ᠬᠡᠪ ᠨᠠᠮᠪᠠ ᠪᠠ ᠥᠩᠭᠡ ᠪᠤᠳᠤᠭ ᠢ ᠲᠣᠬᠢᠷᠠᠭᠤᠯᠬᠤ ᠨᠢ ᠬᠥᠮᠦᠰ ᠤᠨ ᠠᠩᠬᠠᠷᠤᠯ ᠢ ᠲᠠᠲᠠᠵᠠᠶ᠃ ᠡᠷᠲᠡᠨ ᠤ ᠮᠠᠶ᠋ᠢᠭ ᠤᠨ ᠨᠣᠮ ᠤᠨ ᠲᠠᠯᠪᠢᠭᠤᠷ ᠳᠡᠭᠡᠷ᠎ᠡ ᠳᠣᠲᠣᠭᠠᠳᠤ ᠭᠠᠳᠠᠭᠠᠳᠤ ᠶᠢᠨ ᠠᠯᠳᠠᠷᠲᠤ ᠵᠣᠬᠢᠶᠠᠯ᠂ ᠨᠡᠶᠢᠭᠡᠮ ᠤᠨ ᠰᠢᠨᠵᠢᠯᠡᠬᠦ ᠤᠬᠠᠭᠠᠨ᠂ ᠤᠳᠬ᠎ᠠ ᠵᠣᠬᠢᠶᠠᠯ᠂ ᠰᠤᠶᠤᠯ ᠪᠣᠯᠪᠠᠰᠤᠷᠠᠯ ᠵᠡᠷᠭᠡ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠬᠡᠯᠡᠨ ᠤ ᠲᠥᠷᠥᠯ ᠤᠨ 5 ᠲᠦᠮᠡ ᠭᠠᠷᠤᠢ ᠳᠡᠪᠲᠡᠷ ᠨᠣᠮ ᠪᠢᠴᠢᠭ ᠳᠡᠯᠭᠡᠨ ᠲᠠᠯᠪᠢᠳᠠᠭ ᠪᠠᠶᠢᠨ᠎ᠠ᠃ ᠠᠳᠡᠬᠢ ᠳ᠋ᠧᠩ ᠤᠨ ᠭᠡᠷᠡᠯ ᠤᠶᠠᠨ ᠵᠥᠭᠡᠯᠡᠨ ᠲᠠᠢ᠂ ᠣᠷᠣᠨ ᠵᠠᠶ ᠥᠷᠭᠡᠨ ᠠᠭᠤᠳᠠᠮ᠂ ᠣᠷᠴᠢᠨ ᠲᠣᠭᠤᠷᠢᠨ ᠲᠠᠭᠠᠯᠠᠮᠵᠢᠲᠠᠶ᠂ ᠠᠳᠡ ᠨᠣᠮ ᠤᠩᠰᠢᠬᠤ ᠨᠢ ᠬᠡᠨ ᠴᠦ ᠪᠡᠶ᠎ᠡ ᠰᠡᠳᠬᠢᠯ ᠤᠨ ᠲᠠᠯ᠎ᠠ ᠪᠠᠷ ᠣᠷᠣᠯᠴᠠᠵᠤ᠂ ᠨᠠᠷᠢᠨ ᠰᠠᠶᠢᠬᠠᠨ ᠦᠨᠦᠷ ᠠᠮᠲᠠ ᠲᠠᠢ ᠪᠠᠶᠢᠳᠠᠭ᠃    ᠳᠡᠯᠭᠡᠭᠦᠷ ᠤᠨ ᠳᠣᠲᠣᠷᠠᠬᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠰᠣᠶᠣᠯ ᠤᠨ ᠠᠷᠤ ᠦᠵᠡᠭᠳᠡᠯ᠂ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠬᠠᠭᠤᠯᠭ᠎ᠠ ᠶᠢᠨ ᠤᠷᠢᠶ᠎ᠠ ᠯᠣᠽᠦ᠋ᠩ ᠴᠦ ᠪᠦᠷᠢᠨ ᠲᠡᠭᠦᠯᠳᠡᠷ ᠠᠭᠤᠰᠤᠯᠴᠠᠵᠤ᠂ ᠪᠦᠬᠦᠯᠢ ᠴᠣᠭᠴᠠ ᠶᠢᠨ ᠣᠷᠴᠢᠨ ᠲᠣᠭᠤᠷᠢᠨ ᠳᠤ ᠬᠤᠲᠠ ᠶᠢᠨ ᠠᠷᠠᠳ ᠲᠤ ᠪᠣᠯᠪᠠᠰᠤᠨ ᠤᠩᠰᠢᠭᠴᠢ ᠪᠣᠯᠬᠤ ᠪᠠᠷ ᠴᠢᠷᠮᠠᠶᠢᠬᠤ ᠶᠢ ᠰᠠᠨᠠᠭᠤᠯᠬᠤ ᠶᠢᠨ ᠬᠠᠮᠲᠤ ᠭᠦᠨ ᠵᠤᠵᠠᠭᠠᠨ ᠪᠣᠯᠪᠠᠰᠤᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠭᠤᠤᠯ ᠰᠡᠳᠦᠪᠲᠦ ᠨᠣᠮ ᠪᠢᠴᠢᠭ ᠤᠨ ᠰᠤᠷᠤᠯᠴᠠᠯᠭ᠎ᠠ ᠶᠢᠨ ᠲᠠᠶᠢᠰᠠᠨ ᠤ ᠡᠮᠦᠨ᠎ᠡ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠲᠢ᠂ ᠬᠤᠶᠠᠳᠤᠭᠠᠷ ᠪᠣᠲᠢ ᠵᠡᠷᠭᠡ ᠨᠣᠮ ᠪᠢᠴᠢᠭ ᠢ ᠳᠦᠭᠦᠷᠲᠡᠯ᠎ᠡ ᠲᠠᠯᠪᠢᠵᠤ᠂ ᠬᠤᠲᠠ ᠶᠢᠨ ᠠᠷᠠᠳ ᠣᠯᠠᠨ ᠤ ᠨᠣᠮ ᠤᠩᠰᠢᠬᠤ ᠶᠢ ᠬᠠᠩᠭᠠᠪᠠ᠃
   ᠶᠠᠭ ᠠᠳᠡ ᠨᠣᠮ ᠤᠩᠰᠢᠵᠤ ᠪᠠᠶᠢᠭ᠎ᠠ ᠬᠤᠲᠠ ᠶᠢᠨ ᠠᠷᠠᠳ ᠦ ᠠᠪᠠᠭ᠋ᠠᠢ᠄ ︽ᠰᠢᠨᠬᠤᠸᠠ ᠨᠣᠮ ᠤᠨ ᠳᠡᠯᠭᠡᠭᠦᠷ ᠤᠨ ᠠᠭᠤᠵᠢᠭᠤ ᠲᠠᠯᠪᠢᠭᠤ ᠤᠩᠰᠢᠯᠭ᠎ᠠ ᠶᠢᠨ ᠠᠭᠤᠷ ᠠᠮᠢᠰᠬᠤᠯ ᠨᠢ ᠨᠠᠮᠠᠶᠢ ᠨᠣᠮ ᠤᠨ ᠳᠠᠯᠠᠢ ᠳᠤ ᠨᠡᠩ ᠰᠠᠶᠢᠨ ᠰᠣᠭᠲᠣᠭᠤᠷᠠᠭᠤᠯᠵᠤ᠂ ᠳᠡᠯᠭᠡᠭᠦᠷ ᠲᠤ ᠤᠩᠰᠢᠯᠭ᠎ᠠ ᠶᠢᠨ ᠲᠣᠭᠤᠷᠢᠭ ᠠᠴᠠ ᠭᠠᠳᠠᠨ᠎ᠠ᠂ ᠪᠠᠰᠠ ᠴᠠᠢ ᠶᠢᠨ ᠮᠤᠬᠤᠯᠠᠭ ᠠᠴᠠ ᠬᠥᠮᠥᠰ ᠤᠨ ᠠᠮᠠᠷᠠᠯᠲᠠ ᠳᠤ ᠬᠠᠩᠭᠠᠵᠤ᠂ ᠨᠢᠭᠡ ᠲᠠᠯ᠎ᠠ ᠪᠠᠷ ᠨᠠᠷᠢᠯᠢᠭ ᠴᠠᠢ ᠬᠠᠩᠭᠠᠵᠤ᠂ ᠨᠢᠭᠡ ᠲᠠᠯ᠎ᠠ ᠪᠠᠷ ᠨᠢᠭᠡ ᠰᠡᠳᠬᠢᠯ ᠢᠶᠠᠷ ᠤᠩᠰᠢᠵᠤ ᠴᠢᠳᠠᠨ᠎ᠠ︾ ᠭᠡᠵᠦ ᠬᠡᠯᠡᠪᠡ᠃    ᠮᠠᠨ ᠤ ᠬᠤᠲᠠ ᠪᠣᠯ ᠮᠣᠩᠭᠤᠯ ᠳᠤ ᠨᠡᠭᠡᠭᠡᠯᠲᠡ ᠬᠢᠭᠰᠡᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠬᠤᠲᠠ ᠪᠣᠯᠤᠨ᠎ᠠ᠃ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠬᠢᠲᠠᠳ ᠮᠣᠩᠭᠤᠯ ᠰᠤᠶᠤᠯ ᠤᠨ ᠬᠠᠷᠢᠯᠴᠠᠭᠠᠨ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠣᠳᠣ ᠪᠣᠯᠲᠠᠯ᠎ᠠ᠂ ᠲᠤᠰ ᠨᠣᠮ ᠤᠨ ᠳᠡᠯᠭᠡᠭᠦᠷ ᠤᠨ ᠮᠣᠩᠭᠤᠯ ᠨᠣᠮ ᠨᠡᠶᠢᠲᠡ 2500 ᠭᠠᠷᠤᠢ ᠵᠦᠢᠯ᠂ 1.4 ᠲᠦᠮᠡ ᠭᠠᠷᠤᠢ ᠳᠡᠪᠲᠡᠷ ᠪᠠᠶᠢᠨ᠎ᠠ᠃    ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠳᠠᠷᠤᠭ᠎ᠠ ᠴᠠᠩ ᠬᠤᠩ ᠨᠠᠷᠠᠰᠤ᠄ ︽ᠮᠠᠨ ᠤ ᠳᠡᠯᠭᠡᠭᠦᠷ ᠪᠣᠯᠤᠨ ᠣᠷᠣᠨ ᠤ ᠳᠣᠲᠣᠷ᠎ᠠ ᠭᠠᠳᠠᠨᠠᠬᠢ ᠣᠯᠠᠨ ᠬᠡᠪᠯᠡᠯ ᠤᠨ ᠬᠤᠷᠢᠶ᠎ᠠ ᠬᠠᠮᠲᠤᠷᠠᠯᠴᠠᠵᠤ᠂ ᠨᠡᠶᠢᠭᠡᠮ ᠤᠨ ᠰᠢᠨᠵᠢᠯᠡᠬᠦ ᠤᠬᠠᠭᠠᠨ᠂ ᠪᠠᠭᠠᠴᠤᠳ ᠬᠡᠦᠬᠡᠳ ᠤᠨ ᠤᠩᠰᠢᠬᠤ ᠪᠢᠴᠢᠭ᠂ ᠬᠡᠦᠬᠡᠳ ᠤᠨ ᠵᠢᠷᠤᠭᠲᠤ ᠳᠡᠪᠲᠡᠷ᠂ ᠲᠤᠰᠬᠠᠢ ᠮᠡᠷᠭᠡᠵᠢᠯ ᠤᠨ ᠪᠠᠭᠠᠵᠢ ᠨᠣᠮ ᠵᠡᠷᠭᠡ ᠡᠯ᠎ᠡ ᠲᠥᠷᠥᠯ ᠤᠨ ᠨᠣᠮ ᠪᠢᠴᠢᠭ ᠤᠨ ᠲᠥᠷᠥᠯ ᠵᠦᠢᠯ ᠪᠠᠶᠠᠯᠢᠭ᠂ ᠲᠥᠷᠥᠯ ᠵᠦᠢᠯ ᠪᠦᠷᠢᠨ ᠪᠠᠶᠢᠵᠤ᠂ ᠬᠤᠯᠪᠣᠭᠳᠠᠯ ᠪᠦᠬᠦᠢ ᠬᠡᠷᠡᠭᠴᠡᠭᠡ ᠱᠠᠭᠠᠷᠳᠠᠯᠭ᠎ᠠ ᠲᠠᠢ ᠬᠤᠲᠠ ᠶᠢᠨ ᠠᠷᠠᠳ ᠲᠦᠮᠡᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠣᠯᠠᠨ ᠵᠦᠢᠯ ᠤᠨ ᠰᠣᠩᠭᠤᠯᠲᠠ ᠬᠠᠩᠭᠠᠵᠤ ᠪᠣᠯᠤᠨ᠎ᠠ︾ ᠭᠡᠵᠦ ᠬᠡᠯᠡᠪᠡ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号