ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 80 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/2
   10 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 80 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠶᠢᠨ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠭᠦᠨᠵᠡᠭᠡᠶ ᠠᠬᠢᠭᠤᠯᠵᠤ᠂ ᠲᠤᠰᠬᠠᠶᠢᠵᠢᠭᠰᠠᠨ ᠭᠠᠳᠠᠭᠠᠳᠤ ᠨᠡᠭᠡᠭᠡᠯᠲᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ ᠭᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ᠂ ᠱᠠᠨᠳᠦ᠋ᠩ᠂ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ᠂ ᠠᠮᠢ ᠠᠬᠤᠢ ᠶᠢ ᠵᠠᠰᠠᠬᠤ ᠵᠡᠷᠭᠡ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠤᠯᠠᠮᠵᠢᠯᠠᠵᠤ᠂ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ᠂ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠨᠠᠮ ᠤᠨ ᠰᠤᠷᠲᠠᠯ ᠤᠨ ᠪᠠᠶᠢᠭᠤᠯᠤᠯᠲᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠳᠤᠯᠵᠤ᠂ ︽ᠲᠥᠪ ᠤᠨ ᠢᠯᠵᠠᠷᠠᠯ ᠢ ᠡᠰᠡᠷᠭᠦᠴᠡᠬᠦ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠲᠥᠯᠥᠪᠵᠢᠭᠦᠯᠭᠡ ︵2023-2027 ᠣᠨ︶︾ ᠪᠣᠯᠤᠨ ᠪᠥᠬᠦ ᠠᠶᠢᠮᠠᠭ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ ᠂ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠡᠷᠬᠡ ᠲᠥᠪᠯᠡᠷᠡᠩᠭᠦᠢ ᠂ ᠪᠡᠯᠡ ᠮᠥᠩᠭᠦ ᠨᠢᠭᠲᠠ᠂ ᠡᠬᠢ ᠪᠠᠶᠠᠯᠢᠭ ᠡᠯᠪᠡᠭ ᠰᠠᠯᠠᠭ᠎ᠠ ᠮᠥᠴᠢᠷ ᠪᠣᠯᠤᠨ ᠠᠵᠢᠯ ᠲᠦᠷᠦᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠦᠨᠡᠨ ᠬᠦ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠨᠡᠶᠢᠲᠡᠯᠢᠭ ᠠᠷᠭ᠎ᠠ ᠬᠢᠳᠡᠯ ᠢ ᠳ᠋ᠦᠩᠨᠡᠬᠦ ᠶᠢ ᠴᠢᠬᠤᠯᠠᠴᠢᠯᠠᠵᠤ᠂ ᠪᠣᠭᠤᠮᠲᠠ ᠶᠢᠨ ᠣᠨᠴᠠᠯᠢᠭ ᠲᠠᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠣᠯᠪᠠᠰᠤᠷᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠱᠠᠲᠤ ᠲᠥᠷᠥᠯ ᠬᠤᠪᠢᠶᠠᠨ ᠵᠢᠯᠣᠭᠤᠳᠴᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠬᠠᠷᠢᠶᠠᠲᠤ ᠨᠠᠷ ᠤᠨ ᠶᠠᠪᠤᠳᠠᠯ᠂ ᠨᠠᠮ ᠤᠨ ᠰᠤᠷᠭᠠᠭᠤᠯᠢ᠂ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号