ᠵᠢᠷᠭᠤᠳᠤᠭᠠᠷ ᠬᠤᠭᠤᠴᠠᠭᠠᠨ ᠤ ᠡᠷᠢᠶᠡᠨ ᠬᠤᠲᠠ · ᠵᠠᠮ ᠤᠨ ᠡᠭᠦᠳᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/11/20
     11 ᠰᠠᠷ᠎ᠠ ᠶᠢᠨ 16 ᠤ ᠡᠳᠦᠷ᠂ ᠵᠢᠷᠭᠤᠳᠤᠭᠠᠷ ᠬᠤᠭᠤᠴᠠᠭᠠᠨ ᠤ ᠡᠷᠢᠶᠡᠨ ᠬᠤᠲᠠ · ᠵᠠᠮ ᠤᠨ ᠡᠭᠦᠳᠡ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠮᠠᠨ ᠤ ᠬᠤᠲᠠ ᠳᠤ ᠡᠬᠢᠯᠡᠵᠦ᠂ ᠡᠷᠢᠶᠡᠨ ᠬᠤᠲᠠ᠂ ᠵᠠᠮ ᠤᠨ ᠡᠭᠦᠳᠡ ᠶᠢᠨ 90 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠦᠶ ᠱᠧᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠵᠢᠩ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠦᠨ ᠬᠤᠸᠠᠨ᠂ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ  ᠮᠦᠩᠬᠡᠭᠡᠷᠡᠯ᠂ ᠳᠡᠳ᠋ ᠺᠤᠨᠰᠦ᠋ᠯ  ᠳᠦᠪᠰᠢᠨᠪᠠᠶᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠯᠢᠦ ᠬᠦᠢ ᠱᠧᠩ ᠡᠬᠢᠯᠡᠯᠲᠡ ᠶᠢᠨ ᠶᠣᠰᠣᠯᠠᠯ ᠡᠬᠢᠯᠡᠭᠰᠡᠨ ᠢ ᠵᠠᠷᠯᠠᠵᠤ᠂ ᠵᠠᠩ ᠶᠦᠩ ᡁᠢ ᠪᠠᠶᠠᠷ ᠤᠨ ᠦᠭᠡ ᠬᠡᠯᠡᠵᠦ᠂ ᠲᠠᠮᠢᠷᠴᠢᠨ᠂ ᠬᠢᠨᠠᠭᠴᠢ ᠠᠴᠠ ᠲᠤᠰ ᠲᠤᠰ ᠲᠠᠩᠭᠠᠷᠢᠭᠯᠠᠪᠠ᠃    ᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠮᠣᠷᠢᠨ ᠬᠤᠭᠤᠷ ᠤᠨ ᠲᠣᠭᠯᠠᠯᠲᠠ᠂ ᠪᠥᠵᠢᠭ ᠵᠡᠷᠭᠡ ᠲᠣᠭᠯᠠᠯᠲᠠ ᠪᠠᠨ ᠡᠷᠭᠦᠵᠦ᠂  ᠣᠷᠣᠯᠳᠣᠭᠠᠨ ᠤ ᠡᠬᠢᠯᠡᠯᠳᠠ ᠶᠢᠨ ᠬᠦᠰᠢᠭᠡ ᠶᠢ ᠰᠡᠬᠦᠪᠡ᠃      ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠲᠡ 4 ᠤᠷᠤᠯᠳᠤᠭᠠᠨ ᠤ ᠵᠦᠢᠯ ᠢ ᠲᠣᠬᠢᠷᠠᠭᠤᠯᠪᠠ᠃ ᠲᠡᠷᠡ ᠨᠢ ᠰᠢᠯᠭᠠᠯᠳᠠ ᠶᠢᠨ ᠪᠦᠯᠬᠦᠮ ᠤᠨ ᠬᠠᠮᠵᠢᠯᠴᠠᠬᠤ ᠴᠢᠳᠠᠪᠤᠷᠢ ᠪᠦᠬᠦᠢ ᠰᠠᠭᠰᠤᠨ ᠪᠦᠮᠪᠦᠭᠡ᠂ ᠠᠯᠠᠭᠠᠳᠠᠬᠤ ᠪᠥᠮᠪᠦᠭᠡ᠂ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠵᠦᠢᠯ ᠪᠠᠶᠢᠵᠤ᠂ ᠪᠠᠰᠠ ᠫᠢᠩᠫᠠᠩ ᠪᠥᠮᠪᠦᠭᠡ ᠶᠢᠨ ᠤᠷᠤᠯᠳᠤᠭᠠᠨ ᠲᠠᠢ᠃  ᠤᠷᠤᠯᠳᠤᠭᠠᠨ ᠤ ᠲᠠᠯᠠᠪᠤᠷ ᠲᠤ᠂ ᠳᠤᠮᠳᠠᠳᠤ ᠮᠣᠩᠭᠤᠯ ᠤᠨ ᠲᠠᠮᠢᠷᠴᠢᠳ ᠪᠦᠬᠦ ᠴᠢᠳᠠᠯ ᠢᠶᠠᠨ ᠭᠠᠶᠢᠬᠠᠭᠤᠯᠵᠤ᠂ ᠮᠡᠷᠡᠶᠢᠨ ᠲᠡᠮᠡᠴᠡᠨ᠎ᠡ᠃ ᠲᠡᠳᠡ ᠨᠠᠷ ᠬᠠᠷᠢᠯᠴᠠᠨ ᠵᠥᠪᠳᠡᠯᠴᠡᠵᠦ᠂ ᠪᠥᠮᠪᠥᠭᠡᠨ ᠮᠡᠷᠭᠡᠵᠢᠯ ᠢᠶᠠᠨ ᠬᠠᠮᠲᠤ ᠪᠠᠷ ᠳᠡᠭᠡᠭᠰᠢᠯᠡᠭᠦᠯᠦᠭᠰᠡᠨ ᠪᠠᠶᠢᠨ᠎ᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠠᠭᠰᠤᠨ ᠪᠥᠮᠪᠦᠭᠡ᠂ ᠬᠥᠯ ᠪᠥᠮᠪᠦᠭᠡ ᠵᠡᠷᠭᠡ ᠪᠡᠶ᠎ᠡ ᠶᠢᠨ ᠲᠠᠮᠢᠷ ᠤᠨ ᠲᠥᠷᠥᠯ ᠵᠦᠢᠯ ᠨᠢ ᠡᠳᠦᠷ ᠢᠷᠡᠬᠦᠶ᠎ᠡ ᠡᠳᠦᠷ ᠢᠷᠡᠬᠦᠶ᠎ᠡ ᠳᠤᠮᠳᠠᠳᠤ ᠮᠣᠩᠭᠤᠯ ᠤᠨ ᠠᠷᠠᠳ ᠤᠨ ᠪᠡᠶ᠎ᠡ ᠶᠢᠨ ᠲᠠᠮᠢᠷ ᠰᠣᠶᠣᠯ ᠤᠨ ᠰᠣᠯᠢᠯᠴᠠᠭᠠᠨ ᠤ ᠬᠤᠯᠪᠣᠭᠠᠰᠤ ᠪᠣᠯᠤᠭᠰᠠᠨ ᠪᠠᠶᠢᠨ᠎ᠠ᠃    ᠮᠠᠨ ᠤ ᠬᠤᠲᠠ ᠶᠢᠨ ᠲᠠᠮᠢᠷᠴᠢᠨ ᠨᠠᠶᠢᠷᠠᠭ᠄ ︽ᠡᠨᠡ ᠤᠳᠠᠭ᠎ᠠ ᠮᠣᠩᠭᠤᠯ ᠤᠯᠤᠰ ᠤᠨ ᠲᠠᠮᠢᠷᠴᠢᠨ ᠲᠠᠢ ᠬᠠᠮᠲᠤ ᠪᠠᠷ ᠣᠷᠣᠯᠳᠣᠭᠰᠠᠨ ᠨᠢ᠂ ᠮᠢᠨᠦ ᠬᠤᠪᠢ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠤᠷᠤᠯᠳᠤᠭᠠᠨ ᠢᠶᠠᠷ ᠳᠠᠮᠵᠢᠨ ᠮᠠᠰᠢ ᠣᠯᠠᠨ ᠨᠠᠶᠢᠵᠠ ᠲᠠᠢ ᠪᠣᠯᠵᠠᠶ  ︾᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠮᠠᠨ ᠤ ᠬᠤᠲᠠ ᠶᠢᠨ ᠲᠠᠮᠢᠷᠴᠢᠳ ᠫᠢᠩᠫᠠᠩ ᠪᠥᠮᠪᠦᠭᠡ ᠶᠢᠨ ᠤᠷᠤᠯᠳᠤᠭᠠᠨ ᠤ ᠮᠠᠩᠯᠠᠶ ᠶᠢ ᠣᠯᠵᠤ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠲᠠᠮᠢᠷᠴᠢᠳ ᠲᠣᠰ ᠲᠣᠰ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ ᠶᠢᠨ ᠤᠷᠤᠯᠳᠤᠭᠠᠨ ᠤ ᠲᠥᠷᠥᠯ ᠵᠦᠢᠯ ᠤᠨ ᠤᠷᠤᠯᠳᠤᠭᠠᠨ ᠤ ᠮᠠᠩᠯᠠᠶ ᠪᠠᠨ ᠭᠥᠷᠳᠡᠪᠡ᠃    ᠣᠶᠢᠯᠠᠭᠠᠭᠰᠠᠨ ᠢᠶᠠᠷ᠂ ᠡᠷᠢᠶᠡᠨ ᠬᠤᠲᠠ · ᠵᠠᠮ ᠤᠨ ᠡᠭᠦᠳᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠬᠤᠲᠠ ᠶᠢᠨ ᠨᠠᠷᠠᠲᠤ ᠲᠡᠮᠳᠡᠭᠲᠦ ᠤᠷᠤᠯᠳᠤᠭᠠᠨ ᠮᠥᠨ᠂ ᠬᠤᠲᠠ ᠶᠢᠨ ᠠᠷᠠᠳ ᠤᠨ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠣᠨᠢᠷᠬᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠤᠷᠤᠯᠳᠤᠭᠠᠨ ᠢᠶᠠᠷ ᠵᠠᠭᠤᠴᠢ ᠪᠣᠯᠭᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠂ ᠬᠢᠯᠢ ᠬᠢᠵᠠᠭᠠᠷ ᠤᠨ ᠪᠣᠭᠤᠮᠲᠠ ᠶᠢᠨ ᠨᠡᠷ᠎ᠡ ᠬᠠᠭᠤᠳᠠᠰᠤ ᠶᠢ ᠤᠯᠠᠮ ᠭᠡᠭᠡᠨ ᠰᠠᠷᠠᠭᠤᠯ ᠪᠣᠯᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号