︽︿ᠨᠢᠭᠡ ᠪᠦᠰᠡ ᠨᠢᠭᠡ ᠵᠠᠮ﹀ · ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ︾ ᠤᠨ ᠰᠤᠷᠪᠤᠯᠵᠢᠯᠠᠬᠤ ᠪᠦᠯᠬᠦᠮ ︵ᠪᠠᠷᠠᠭᠤᠨ ᠱᠤᠭᠤᠮ︶ ᠮᠠᠨ ᠤ ᠬᠤᠲᠠ ᠳᠤ ᠣᠷᠣᠵᠤ ᠢᠷᠡᠪᠡ
ᠨᠡᠶᠢᠲᠡᠯᠡᠭᠰᠡᠨ ᠴᠠᠭ᠄
2023/11/21
   11 ᠰᠠᠷ᠎ᠠ ᠶᠢᠨ 16 ᠤ ᠡᠳᠦᠷ᠂ ︽︿ᠨᠢᠭᠡ ᠪᠦᠰᠡ ᠨᠢᠭᠡ ᠵᠠᠮ﹀ · ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ︾ ᠤᠨ ᠰᠤᠷᠪᠤᠯᠵᠢᠯᠠᠬᠤ ᠪᠦᠯᠬᠦᠮ ︵ᠪᠠᠷᠠᠭᠤᠨ ᠱᠤᠭᠤᠮ︶ ᠮᠠᠨ ᠤ ᠬᠤᠲᠠ ᠳᠤ ᠢᠷᠡᠪᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠭᠤᠤᠯ ᠵᠠᠭᠤᠴᠢᠯᠠᠭᠤᠷ ᠤᠨ 20 ᠭᠠᠷᠤᠶ ᠰᠤᠷᠪᠤᠯᠵᠢᠯᠠᠭᠴᠢ ᠬᠤᠶᠠᠷ ᠡᠳᠦᠷ ᠤᠨ ᠴᠠᠭ ᠢ ᠠᠰᠢᠭᠯᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠳᠤᠷᠠᠳᠤᠭᠰᠠᠨ ᠠᠷᠪᠠᠨ ᠵᠢᠯ ᠤᠨ ᠲᠤᠷᠰᠢᠬᠢ ᠡᠷᠢᠶᠡᠨ ᠬᠤᠲᠠ ᠶᠢᠨ ᠪᠣᠭᠤᠮᠲᠠ ᠶᠢᠨ ᠬᠤᠪᠢᠷᠠᠯᠲᠠ ᠳᠤ ᠤᠷᠤᠭᠰᠢᠯᠠᠬᠤ ᠮᠠᠶ᠋ᠢᠭ ᠤᠨ᠂ ᠪᠥᠬᠦ ᠦᠵᠡᠮᠵᠢ ᠶᠢᠨ ᠮᠠᠶ᠋ᠢᠭ ᠤᠨ ᠰᠤᠷᠪᠤᠯᠵᠢᠯᠠᠭ᠎ᠠ ᠬᠢᠬᠦ ᠪᠣᠯᠤᠨ᠎ᠠ᠃    ᠲᠤᠬᠠᠶ ᠶᠢᠨ ᠡᠳᠦᠷ᠂ ᠰᠤᠷᠪᠤᠯᠵᠢᠯᠠᠬᠤ ᠪᠦᠯᠬᠦᠮ ᠤᠨ ᠬᠢᠨ ᠤᠷᠢᠳ ᠬᠤᠵᠢᠳ ᠡᠷᠢᠶᠡᠨ ᠲᠡᠮᠦᠷ ᠵᠠᠮ ᠤᠨ ᠲᠡᠷᠭᠡᠨ ᠥᠷᠲᠡᠭᠡ᠂ ᠤᠯᠤᠰ ᠤᠨ ᠡᠭᠦᠳᠡᠨ ᠤ ᠬᠥᠰᠢᠶ᠎ᠡ᠂ ᠵᠠᠰᠠᠮᠠᠯ ᠵᠠᠮ ᠤᠨ ᠪᠣᠭᠤᠮᠲᠠ ᠵᠡᠷᠭᠡ ᠭᠠᠵᠠᠷ ᠲᠤ ᠬᠦᠷᠴᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠠᠶᠠᠯᠠᠯ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ᠂ ᠰᠣᠶᠣᠯ ᠵᠢᠭᠤᠯᠴᠢᠯᠠᠯ ᠤᠨ ᠬᠥᠭᠵᠢᠯᠲᠡ ᠵᠡᠷᠭᠡ ᠠᠳᠠᠯᠢ ᠪᠤᠰᠤ ᠠᠭᠤᠯᠭ᠎ᠠ ᠶᠢ ᠲᠥᠪᠯᠡᠷᠡᠭᠦᠯᠦᠨ ᠠᠩᠬᠠᠷᠴᠤ᠂ ᠭᠦᠨᠵᠡᠭᠡᠶ ᠰᠤᠷᠪᠤᠯᠵᠢᠯᠠᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠳᠠᠭᠠᠭᠠᠴᠢᠯᠠᠨ ᠡᠷᠭᠢᠯᠡᠪᠡ᠃ ︽ᠠᠷᠠᠳ ᠤᠨ ᠡᠳᠦᠷ ᠤᠨ ᠰᠣᠨᠢᠨ︾᠂ ︽ᠯᠠᠪᠯᠠᠯᠲᠠ ᠶᠢᠨ ᠮᠡᠳᠡᠭᠡ︾᠂ ︽ᠳᠡᠯᠡᠬᠡᠢ ᠳ᠋ᠠᠬᠢᠨ ᠢ ᠲᠣᠭᠤᠷᠢᠭᠰᠠᠨ ᠴᠠᠭ ᠤᠨ ᠰᠣᠨᠢᠨ︾᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠵᠢᠴᠢ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠦᠢᠯᠡᠳᠦᠯᠭᠡ ᠰᠡᠳᠬᠦᠯ ᠤᠨ ᠬᠤᠷᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ 40 ᠭᠠᠷᠤᠢ ᠰᠤᠷᠪᠤᠯᠵᠢᠯᠠᠭᠴᠢ᠂ ᠵᠡᠭᠦᠨ ᠪᠠᠷᠠᠭᠤᠨ ᠬᠤᠶᠠᠷ ᠱᠤᠭᠤᠮ ᠬᠤᠪᠢᠶᠠᠨ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠳᠤᠮᠳᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠰᠠᠨ ᠡᠯᠪᠡᠭ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号