【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠬᠤᠲᠠ ᠶᠢᠨ ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯ ᠤᠨ ᠵᠥᠪᠯᠡᠯ᠄  ᠭᠠᠳᠠᠭᠠᠳᠤ ᠭᠠᠷᠭᠠᠯᠲᠠ ᠶᠢᠨ ᠪᠣᠭᠤᠮᠲᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠲᠠᠢ ︽ᠬᠤᠯᠪᠣᠭᠠᠯᠠᠬᠤ︾ ᠪᠣᠯᠪᠠ
ᠨᠡᠶᠢᠲᠡᠯᠡᠭᠰᠡᠨ ᠴᠠᠭ᠄
2023/11/21
   ᠣᠶᠢᠷ᠎ᠠ ᠶᠢᠨ ᠵᠢᠯ ᠳᠤ᠂ ᠬᠤᠲᠠ ᠶᠢᠨ ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯ ᠤᠨ ᠬᠤᠷᠢᠶ᠎ᠠ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠂ ᠲᠠᠪᠴᠠᠩ ᠪᠠᠶᠢᠭᠤᠯᠬᠤ᠂ ᠬᠠᠮᠲᠤ ᠪᠠᠷ ᠪᠠᠶᠢᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠬᠠᠮᠲᠤ ᠪᠠᠷ ᠴᠣᠭᠴᠠᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠬᠢᠭᠡᠳ ᠪᠣᠭᠤᠮᠲᠠ ᠶᠢᠨ ᠬᠥᠭᠵᠢᠯᠲᠡ ᠶᠢᠨ ᠬᠠᠷᠢᠯᠴᠠᠨ ᠨᠥᠬᠦᠴᠡᠯᠳᠦᠬᠦ᠂ ᠭᠦᠨᠵᠡᠭᠡᠶ ᠠᠭᠤᠰᠤᠯᠴᠠᠬᠤ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ᠂ ᠠᠵᠤ ᠠᠬᠤᠶ ᠶᠢ ᠵᠡᠷᠭᠡ ᠪᠠᠷ ᠠᠳᠬᠤᠵᠤ ᠬᠠᠮᠲᠤ ᠪᠠᠷ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠦᠵᠡᠯ ᠰᠠᠨᠠᠭ᠎ᠠ ᠦᠵᠡᠯ ᠤᠬᠠᠮᠰᠠᠷ ᠪᠠ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯᠯᠠᠬᠤ ᠬᠤᠷᠢᠶ᠎ᠠ ᠤᠮᠠᠷᠠᠲᠤ ᠬᠢᠯᠢ ᠶᠢᠨ ᠨᠠᠮ ᠤᠨ ᠬᠢᠴᠢᠶᠡᠯ ᠢ ᠵᠣᠬᠢᠶᠠᠨ ᠪᠠᠶᠢᠭᠤᠯᠵᠤ ᠰᠣᠨᠢᠷᠬᠠᠭᠰᠠᠨ ᠦᠶ᠎ᠡ ᠳᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠠᠩ ᠥᠷᠨᠢᠨ ᠪᠠᠳᠠᠷᠠᠩᠭᠤᠶ ᠪᠣᠯᠭᠠᠶ᠎ᠠ︾ ᠭᠡᠬᠦ ᠸᠢᠳᠢᠣ᠋ ᠬᠢᠪᠠ᠃ ᠨᠠᠮ ᠤᠨ ᠬᠢᠴᠢᠶᠡᠯ ᠨᠢ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠᠷ ᠭᠤᠤᠯ ᠰᠢᠵᠢᠮ ᠪᠣᠯᠭᠠᠵᠤ᠂ ᠠᠯᠢ ᠣᠯᠠᠨ ᠲᠤᠭ᠎ᠠ ᠪᠠᠷᠢᠮᠲᠠ᠂ ᠬᠡᠷᠡᠯ ᠵᠢᠷᠤᠭ ᠢᠶᠠᠷ ᠳᠠᠮᠵᠢᠭᠤᠯᠤᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠽᠢᠶ᠎ᠠ ᠧᠦ᠋ᠷᠣᠫᠠ ᠶᠢ ᠬᠤᠯᠪᠣᠨ ᠨᠡᠪᠲᠡᠷᠡᠭᠦᠯᠬᠦ ᠠᠴᠠ ᠡᠯ᠎ᠡ ᠲᠥᠷᠥᠯ ᠤᠨ ᠭᠠᠳᠠᠭᠠᠳᠤ ᠨᠡᠭᠡᠭᠡᠯᠲᠡ ᠶᠢᠨ ᠲᠠᠪᠴᠠᠩ ᠢ ᠵᠠᠯᠭᠠᠭ᠎ᠠ ᠪᠠᠷ ᠪᠠᠶᠢᠭᠤᠯᠬᠤ ᠵᠡᠷᠭᠡ ᠲᠠᠯ᠎ᠠ ᠪᠠᠷ᠂ ᠥᠪᠥᠷ ᠮᠣᠩᠭᠤᠯ ᠤᠨ ᠪᠥᠬᠦ ᠲᠠᠯ᠎ᠠ ᠶᠢᠨ ᠨᠡᠭᠡᠭᠡᠯᠲᠡ ᠶᠢᠨ ᠪᠠᠶᠢᠷᠢᠰᠢᠯ ᠡᠳᠦᠷ ᠢᠷᠡᠬᠦᠶ᠎ᠡ ᠲᠡᠭᠦᠯᠳᠡᠷᠵᠢᠭᠰᠡᠨ ᠭᠤᠶᠢᠳᠠ ᠰᠠᠶᠢᠬᠠᠨ ᠥᠯᠢᠭᠡᠷ ᠢ ᠶᠠᠷᠢᠪᠠ᠃    ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠭᠠᠵᠠᠷ ᠤᠨ ᠠᠷᠠᠳ ᠤᠨ ᠴᠠᠭᠳᠠᠭ᠎ᠠ ᠵᠧᠦ ᠶᠠᠩ᠄ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠳᠤᠷᠠᠳᠤᠭᠰᠠᠨ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠳᠤᠷᠠᠳᠴᠤ᠂ ᠡᠷᠢᠶᠡᠨ ᠪᠣᠭᠤᠮᠲᠠ ᠳᠤ ᠲᠣᠬᠢᠶᠠᠯᠳᠤᠯ ᠥᠬᠡᠶ ᠬᠥᠭᠵᠢᠯᠲᠡ ᠶᠢᠨ ᠠᠵᠠ ᠲᠣᠬᠢᠶᠠᠯ ᠬᠠᠩᠭᠠᠪᠠ᠃ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠪᠣᠭᠤᠮᠲᠠ ᠪᠠᠷ ᠥᠩᠭᠡᠷᠡᠬᠦ ᠪᠣᠳᠠᠲᠤ ᠪᠠᠶᠢᠳᠠᠯ ᠳᠤ ᠰᠠᠭᠤᠷᠢᠯᠠᠨ᠂ ᠪᠠᠶᠢᠴᠠᠭᠠᠨ ᠰᠢᠯᠭᠠᠬᠤ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠵᠠᠮ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠨᠢ ᠬᠡᠵᠢᠶ᠎ᠡ ᠴᠦ ᠪᠠᠶᠢᠴᠠᠭᠠᠯᠲᠠ ᠬᠢᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠰᠢᠯᠤᠭᠤᠳᠬᠠᠬᠤ ᠳᠤ ᠬᠢᠯᠢ ᠶᠢᠨ ᠪᠠᠶᠢᠴᠠᠭᠠᠯᠲᠠ ᠶᠢᠨ ᠬᠦᠴᠦᠨ ᠬᠠᠩᠭᠠᠪᠠ᠃︾    2018 ᠣᠨ ᠤ 9 ᠰᠠᠷ᠎ᠠ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠷᠢᠶᠡᠨ ᠪᠣᠭᠤᠮᠲᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ 12 ᠰᠠᠯᠠᠭ᠎ᠠ ᠮᠥᠴᠢᠷ᠂ 102 ᠨᠠᠮ ᠤᠨ ᠡᠭᠦᠷ᠂ 1300 ᠭᠠᠷᠤᠶ ᠨᠠᠮ ᠤᠨ ᠭᠡᠰᠢᠭᠦᠨ ᠢᠶᠠᠷ ᠪᠦᠷᠢᠯᠳᠦᠭᠰᠡᠨ ᠪᠠᠶᠢᠭᠤᠯᠤᠮᠵᠢ ᠶᠢᠨ ᠪᠤᠰᠤ ᠴᠢᠨᠠᠷᠲᠠᠶ ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯ ᠤᠨ ᠬᠤᠷᠢᠶ᠎ᠠ ᠪᠠᠶᠢᠭᠤᠯᠵᠤ᠂ ᠵᠣᠬᠢᠶᠠᠨ ᠪᠠᠶᠢᠭᠤᠯᠵᠤ ᠬᠠᠮᠲᠤ ᠪᠠᠷ ᠠᠳᠬᠤᠬᠤ᠂ ᠨᠠᠮ ᠤᠨ ᠭᠡᠰᠢᠭᠦᠨ ᠬᠠᠮᠲᠤ ᠪᠠᠷ ᠬᠠᠮᠢᠶᠠᠷᠬᠤ᠂ ᠵᠢᠭᠰᠠᠭᠠᠯ ᠤᠨ ᠭᠠᠵᠠᠷ ᠢ ᠬᠠᠮᠲᠤ ᠪᠠᠷ ᠪᠠᠶᠢᠭᠤᠯᠬᠤ᠂ ᠠᠵᠢᠯᠯᠠᠭ᠎ᠠ ᠶᠢ ᠬᠠᠮᠲᠤ ᠪᠠᠷ ᠡᠷᠬᠢᠯᠡᠬᠦ ᠪᠠᠷ ᠳᠠᠮᠵᠢᠭᠤᠯᠤᠨ᠂ ᠨᠠᠮ ᠪᠠ ᠣᠯᠠᠨ ᠲᠦᠮᠡᠨ ᠤ ᠠᠵᠢᠯ ᠤᠨ ᠨᠡᠶᠢᠯᠡᠮᠡᠯ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠨᠠᠮ ᠤᠨ ᠠᠵᠢᠯ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠭᠰᠠᠨ᠂ ᠬᠠᠷᠢᠯᠴᠠᠨ ᠠᠬᠢᠭᠤᠯᠤᠭᠰᠠᠨ᠂ ᠬᠠᠷᠢᠯᠴᠠᠨ ᠬᠥᠭᠵᠢᠭᠰᠡᠨ ᠰᠠᠶᠢᠨ ᠰᠠᠶᠢᠬᠠᠨ ᠲᠣᠭᠲᠠᠴᠠ ᠶᠢ ᠪᠡᠶᠡᠯᠡᠭᠦᠯᠵᠦ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯᠯᠠᠬᠤ ᠬᠤᠷᠢᠶ᠎ᠠ ᠶᠢᠨ ᠪᠦᠷᠢᠯᠳᠦᠬᠦᠨ ᠨᠢᠭᠡᠴᠡ ᠨᠦᠭᠦᠳ ︽ᠰᠠᠷ᠎ᠠ ᠪᠦᠷᠢ ᠨᠢᠭᠡ ᠠᠵᠢᠯᠯᠠᠭ᠎ᠠ︾ ᠶᠢᠨ ᠵᠠᠭᠪᠤᠷ ᠶᠣᠰᠣᠭᠠᠷ᠂ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠢᠴᠢᠶᠡᠯ ᠣᠷᠣᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠲᠤᠬᠠᠶᠢᠯᠠᠭᠰᠠᠨ ᠠᠵᠢᠯ ᠢ ᠡᠷᠬᠢᠮᠯᠡᠬᠦ᠂ ᠬᠥᠭᠵᠢᠯᠲᠡ ᠶᠢ ᠡᠷᠬᠢᠮᠯᠡᠬᠦ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠷᠢᠯᠳᠦᠬᠦᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ᠂ ᠨᠠᠮ ᠤᠨ ᠭᠡᠰᠢᠭᠦᠨ ᠤ ᠬᠤᠭᠤᠷᠣᠨᠳᠣᠬᠢ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠳᠬᠠᠭᠰᠠᠨ ᠮᠥᠷᠲᠡᠭᠡᠨ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠥᠨᠳᠡᠯᠡᠨ ᠤᠳᠤᠷᠢᠳᠤᠯᠭ᠎ᠠ ᠪᠠ ᠭᠤᠯᠳᠤ ᠴᠢᠭᠯᠡᠯ ᠢᠶᠠᠷ ᠵᠣᠬᠢᠴᠠᠭᠤᠯᠬᠤ ᠶᠢ ᠴᠢᠩᠭᠠᠳᠬᠠᠵᠤ᠂ ᠨᠠᠮ ᠤᠨ ᠠᠵᠢᠯ ᠤᠨ ᠬᠤᠷᠢᠶ᠎ᠠ ᠪᠠᠷ ᠭᠤᠤᠯ ᠪᠣᠯᠭᠠᠭᠰᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠰᠠᠭᠤᠷᠢ ᠪᠣᠯᠭᠠᠭᠰᠠᠨ᠂ ᠪᠥᠬᠦ ᠨᠠᠮ ᠤᠨ ᠭᠡᠰᠢᠭᠦᠨ ᠢᠶᠠᠷ ᠭᠤᠤᠯ ᠴᠣᠭᠴᠠ ᠪᠣᠯᠭᠠᠨ ᠬᠠᠮᠲᠤ ᠪᠠᠷ ᠣᠷᠣᠯᠴᠠᠭᠰᠠᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠪᠡ᠃    ᠣᠲᠣ ᠪᠣᠯᠲᠠᠯ᠎ᠠ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1700 ᠭᠠᠷᠤᠶ ᠲᠦᠮᠡᠨ ᠲᠣᠨ ᠪᠡᠶᠡᠯᠡᠭᠦᠯᠵᠦ᠂ ᠬᠢᠯᠢ ᠪᠠᠷ ᠣᠷᠣᠵᠤ ᠭᠠᠷᠬᠤ ᠬᠥᠮᠦᠰ ᠢ 126.5 ᠲᠦᠮᠡ ᠭᠠᠷᠤᠶ ᠬᠥᠮᠦᠨ ᠤᠳᠠᠭ᠎ᠠ ᠪᠠᠶᠢᠴᠠᠭᠠᠨ ᠭᠠᠷᠭᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2800 ᠴᠤᠪᠤᠭ᠎ᠠ ᠳᠠᠪᠠᠵᠠᠶ᠃ ᠪᠣᠭᠤᠮᠲᠠ ᠶᠢᠨ ᠬᠠᠮᠲᠤᠷᠠᠭᠰᠠᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠵᠤ᠂ ᠬᠠᠷᠢᠯᠴᠠᠨ ᠠᠬᠢᠭᠤᠯᠵᠤ᠂ ᠬᠠᠷᠢᠯᠴᠠᠨ ᠬᠥᠭᠵᠢᠭᠦᠯᠬᠦ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠢ ᠠᠳᠠᠯᠢ ᠴᠢᠭᠯᠡᠯ ᠢᠶᠠᠷ ᠬᠢᠵᠦ᠂ ᠵᠡᠷᠭᠡ ᠪᠠᠷ ᠬᠦᠴᠦᠯᠡᠬᠦ ᠶᠢᠨ ᠬᠠᠮᠲᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠦᠶ᠋ᠯᠡᠴᠢᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠢ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号