【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠣᠲᠣ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠨᠢᠭᠡᠨᠲᠡ 1500 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2023/11/21
   11 ᠰᠠᠷ᠎ᠠ ᠶᠢᠨ 17 ᠤ ᠡᠳᠦᠷ᠂ 55 ᠴᠢᠩᠭᠡᠯᠢᠭ ᠢ ᠳᠦᠭᠦᠷᠲᠡᠯ᠎ᠡ ᠲᠡᠭᠡᠭᠡᠭᠰᠡᠨ 1291 ᠤᠳᠠᠭ᠎ᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠠᠴᠠ ᠠᠯᠭᠤᠷᠬᠠᠨ ᠢᠶᠠᠷ ᠭᠠᠷᠪᠠ᠂ ᠡᠨᠡ ᠨᠢ ᠡᠨᠡ ᠵᠢᠯ ᠤᠨ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠨᠢᠭᠡᠨᠲᠡ 1500 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 33.4% ᠪᠠᠷ ᠨᠡᠮᠡᠭᠳᠡᠭᠰᠡᠨ ᠢ ᠬᠠᠷᠠᠭᠤᠯᠵᠤ ᠪᠠᠶᠢᠨ᠎ᠠ᠃
  ᠡᠨᠡ ᠵᠢᠯ ᠠᠴᠠ ᠨᠠᠰᠢ᠂ ᠮᠠᠰᠢᠨ ᠲᠡᠷᠭᠡ᠂ ᠮᠧᠬᠠᠨᠢᠭ᠂ ᠭᠠᠷ ᠤᠲᠠᠰᠤ ᠵᠡᠷᠭᠡ ᠦᠢᠯᠡᠳᠬᠦᠨ ᠨᠢ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠬᠦ ᠬᠦᠴᠦᠨ ᠪᠣᠯᠵᠤ᠂ ᠭᠠᠳᠠᠭᠠᠳᠤ ᠣᠷᠣᠭᠤᠯᠤᠯᠲᠠ ᠨᠢ ᠭᠤᠣᠯᠳᠠᠭᠤ ᠨᠡᠭᠦᠷᠡᠰᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠵᠡᠷᠭᠡ ᠶᠡᠭᠡ ᠬᠡᠮᠵᠢᠶᠡᠨ ᠤ ᠡᠳ᠋ ᠪᠣᠳᠠᠰ ᠪᠣᠯᠵᠤ᠂ ︽ᠳᠤᠮᠳᠠᠳᠤ ᠤᠯᠤᠰ ᠤᠨ ᠦᠢᠯᠡᠳᠬᠡᠯ︾ ᠤᠨ ᠭᠠᠳᠠᠭᠰᠢ ᠭᠠᠷᠬᠤ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣᠬᠠᠨ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 69 ᠪᠣᠯᠵᠤ᠂ ᠭᠧᠷᠮᠠᠨ᠂ ᠫᠤᠯᠠᠨᠳ᠋᠂ ᠮᠣᠩᠭᠤᠯ ᠤᠯᠤᠰ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠢ ᠨᠥᠯᠥᠭᠡᠯᠡᠭᠰᠡᠨ ᠪᠠᠶᠢᠨ᠎ᠠ᠃
  ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠣᠶᠢᠷ᠎ᠠ ᠶᠢᠨ ᠵᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠪᠠᠷᠠᠭᠠᠨ ᠤ ᠭᠠᠯᠲᠤ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠶᠢᠨ ᠰᠡᠷᠡᠮᠵᠢᠯᠡᠭᠦᠯᠦᠯ᠂ ᠪᠠᠷᠠᠭᠠᠨ ᠤ ᠭᠠᠯᠲᠤ ᠲᠡᠷᠭᠡᠨ ᠤ ᠠᠵᠢᠯᠯᠠᠭᠠᠨ ᠤ ᠲᠥᠯᠥᠪᠯᠡᠭᠡ ᠶᠢᠨ ᠵᠠᠳᠠᠯᠤᠯᠲᠠ ᠵᠡᠷᠭᠡ ᠠᠷᠭ᠎ᠠ ᠬᠡᠮᠵᠢᠶ᠎ᠡ ᠶᠢ ᠠᠪᠴᠤ᠂ ᠭᠠᠯᠲᠤ ᠲᠡᠷᠭᠡ ᠶᠢ ᠲᠤᠰᠴᠤ ᠬᠦᠷᠭᠡᠬᠦ᠂ ᠫᠢᠶᠣᠣ ᠪᠠᠷᠢᠮᠲᠠ ᠶᠢ ᠲᠤᠰᠢᠶᠠᠬᠤ ᠪᠠ ᠭᠥᠯᠢᠶᠡᠨ ᠠᠪᠬᠤ᠂ ᠲᠡᠷᠭᠡ ᠬᠥᠰᠬᠡ ᠶᠢ ᠠᠪᠴᠤ ᠬᠦᠷᠭᠡᠬᠦ ᠵᠡᠷᠭᠡ ᠵᠠᠩᠭᠢᠯᠠᠭ᠎ᠠ ᠶᠢᠨ ᠴᠠᠭ ᠢ ᠶᠡᠬᠡᠪᠡᠷ ᠪᠠᠭᠠᠰᠬᠠᠵᠤ᠂ ᠬᠤᠯᠪᠣᠭᠠᠯᠠᠨ ᠠᠵᠢᠯᠯᠠᠬᠤ ᠨᠡᠶᠢᠭᠡᠮᠯᠢᠭ ᠤᠨ ᠺᠠᠷᠲ ᠢᠶᠠᠷ ᠪᠣᠭᠤᠮᠲᠠ ᠪᠠᠷ ᠥᠩᠭᠡᠷᠡᠬᠦ᠂ ᠭᠠᠯᠲᠤ ᠲᠡᠷᠭᠡ ᠶᠢ ᠪᠠᠶᠢᠴᠠᠭᠠᠨ ᠰᠢᠯᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠶᠡᠭᠡ ᠪᠠᠷ ᠪᠠᠭᠠᠰᠬᠠᠵᠤ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠠᠲᠤᠯᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠬᠤᠷᠳᠤᠴᠠ ᠪᠠᠨ ᠲᠦᠷᠭᠡᠳᠬᠡᠬᠦ︾ ᠳᠤ ᠬᠦᠴᠦᠨ ᠨᠡᠮᠡᠷᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号