ᠥᠪᠥᠷ ᠮᠣᠩᠭᠤᠯ ᠤᠨ ᠣᠨᠴᠠᠯᠢᠭᠲᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠮᠠᠨ ᠤ ᠬᠤᠲᠠ ᠳᠤ ᠣᠷᠣᠪᠠ
ᠨᠡᠶᠢᠲᠡᠯᠡᠭᠰᠡᠨ ᠴᠠᠭ᠄
2023/11/27
 
   ᠥᠪᠥᠷ ᠮᠣᠩᠭᠤᠯ ᠤᠨ ᠣᠨᠴᠠᠯᠢᠭ ᠪᠦᠬᠦᠢ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠩ ᠰᠠᠶᠢᠲᠤᠷ ᠤᠬᠠᠭᠤᠯᠤᠨ ᠲᠠᠨᠢᠯᠴᠠᠭᠤᠯᠬᠤ ᠶᠢᠨ ᠳᠣᠯᠠᠳᠠ᠂ 11 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠤᠯᠪᠣᠭᠠᠯᠠᠵᠤ᠂ ︽ᠲᠠᠶᠢᠶᠤᠸᠠᠨ ᠯᠣᠣ ᠭᠧ︾ ᠶᠢ ᠤᠷᠢᠵᠤ ᠲᠠᠷᠢᠶᠠᠯᠠᠩ ᠢ ᠲᠤᠰᠠᠯᠠᠵᠤ ᠵᠤᠭᠠᠴᠠᠯ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠣᠷᠣᠯᠴᠠᠭᠤᠯᠤᠨ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠭᠤᠯᠵᠤ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠪᠠᠷᠠᠭ᠎ᠠ ᠬᠤᠳᠠᠯᠳᠤᠵᠤ᠂ ᠨᠠᠩ ᠣᠯᠠᠨ ᠡᠷᠡᠭᠦᠯ ᠴᠢᠭᠢᠷᠠᠭ᠂ ᠰᠢᠮ᠎ᠡ ᠲᠡᠵᠢᠭᠡᠯ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠯ᠎ᠡ ᠭᠠᠵᠠᠷ ᠤᠨ ᠠᠷᠠᠳ ᠣᠯᠠᠨ ᠳᠤ  ᠣᠬᠠᠭᠤᠯᠪᠠ᠃    ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠵᠤ ᠲᠠᠷᠢᠶᠠᠨ ᠭᠠᠵᠠᠷ ᠤᠨ ᠠᠩᠬᠠᠷᠤᠯ ᠢ ᠲᠠᠲᠠᠵᠤ᠂ ᠣᠯᠠᠨ ᠢᠶᠠᠷ ᠢᠶᠠᠨ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠳᠤ ᠣᠷᠣᠯᠴᠠᠭᠰᠠᠨ ᠳᠤ ᠲᠠᠯᠠᠷᠬᠠᠬᠤ ᠶᠢᠨ ᠬᠠᠮᠲᠤ ᠣᠯᠠᠨ ᠢᠶᠠᠷ ᠢᠶᠠᠨ ᠦᠵᠡᠰᠬᠦᠯᠡᠩᠲᠦ ᠰᠠᠶᠢᠬᠠᠨ ᠬᠢᠯᠢ ᠶᠢᠨ ᠬᠤᠲᠠ ᠶᠢᠨ ᠡᠷᠢᠶᠡᠨ ᠬᠤᠲᠠ ᠳᠤ ᠠᠶᠢᠯᠴᠢᠯᠠᠭᠰᠠᠨ ᠢ ᠪᠠᠶᠠᠷᠯᠠᠨ ᠤᠭᠲᠤᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠰᠦᠯᠵᠢᠶᠡᠨ ᠤ ᠤᠯᠠᠭᠠᠨ ᠨᠡᠪᠲᠡᠷᠡᠭᠦᠯᠦᠭᠴᠢ ︽ ᠲᠠᠶᠢᠶᠤᠸᠠᠨ ᠯᠣᠣ ᠭᠧ︾  ᠥᠪᠥᠷ ᠮᠣᠩᠭᠤᠯ ᠤᠨ ᠨᠣᠳᠤᠭ ᠤᠨ ᠭᠠᠷᠣᠯᠳᠠ ᠶᠢ ᠲᠠᠨᠢᠯᠴᠠᠭᠤᠯᠬᠤ ᠢᠷᠠᠭᠤ ᠠᠯᠳᠠᠷ ᠤᠨ ᠦᠨᠡᠮᠯᠡᠯ ᠣᠯᠭᠤᠪᠠ᠃    ᠰᠢᠭᠤᠳ ᠨᠡᠪᠲᠡᠷᠡᠭᠦᠯᠭᠡ ᠶᠢᠨ ᠠᠬᠤᠶ ᠲᠠᠯᠠᠪᠠᠶ ᠳᠤ᠂ ᠰᠦᠯᠵᠢᠶᠡᠨ ᠤ ᠣᠳᠣᠨ ᠨᠡᠪᠲᠡᠷᠡᠭᠦᠯᠭᠡ ᠨᠢ ︽ᠲᠠᠶᠢᠶᠤᠸᠠᠨ ᠯᠣᠣ ᠭᠧ︾ ᠰᠢᠨ᠎ᠡ ᠰᠣᠷᠭᠤᠭ ᠬᠤᠨᠢᠨ ᠮᠢᠬ᠎ᠠ᠂ ᠦᠬᠡᠷ ᠤᠨ ᠮᠢᠬ᠎ᠠ᠂ ᠦᠬᠡᠷ ᠤᠨ ᠪᠣᠷᠴᠠ᠂ ᠰᠦ ᠲᠠᠢ ᠴᠠᠢ ᠶᠢᠨ ᠨᠤᠨᠳᠠᠭ᠂ ᠬᠤᠮᠠ ᠶᠢᠨ ᠲᠣᠰᠣ᠂ ᠡᠭᠡᠳᠡᠭᠰᠡᠨ ᠰᠦ᠂ ᠦᠨᠢᠶᠡᠨ ᠰᠦ᠂ ᠰᠦᠨ ᠲᠠᠯᠬ᠎ᠠ ᠵᠡᠷᠭᠡ 70 ᠭᠠᠷᠤᠶ ᠵᠦᠢᠯ ᠤᠨ ᠲᠠᠯ᠎ᠠ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠵᠤ᠂ ᠰᠢᠭᠤᠳ ᠨᠡᠪᠲᠡᠷᠡᠭᠦᠯᠭᠡ ᠨᠢ ᠶᠡᠭᠡ ᠬᠡᠮᠵᠢᠶᠡᠨ ᠤ ᠰᠦᠯᠵᠢᠶᠡᠨ ᠤ ᠠᠨᠳᠠ ᠨᠠᠷ ᠤᠨ ᠠᠩᠬᠠᠷᠤᠯ ᠢ ᠲᠠᠲᠠᠵᠤ᠂ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    8 ᠴᠠᠭ ᠰᠢᠬᠠᠮ ᠦᠷᠭᠦᠯᠵᠢᠯᠡᠭᠰᠡᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤᠮᠳᠠ᠂ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠭᠰᠠᠨ ᠪᠥᠬᠦ ᠬᠥᠮᠦᠨ ᠤ ᠲᠤᠭ᠎ᠠ 5600 ᠲᠦᠮᠡᠨ ᠬᠥᠮᠦᠨ ᠤᠳᠠᠭ᠎ᠠ ᠳᠤ ᠬᠦᠷᠴᠦ᠂ ᠰᠦᠯᠵᠢᠶᠡᠨ ᠳᠡᠭᠡᠷᠡᠬᠢ ᠣᠷᠭᠢᠯ ᠤᠨ ᠲᠤᠭ᠎ᠠ 120 ᠲᠦᠮᠡᠨ ᠬᠥᠮᠦᠨ ᠢ ᠳᠠᠪᠠᠵᠤ᠂ ᠠᠷᠠᠯᠵᠢᠶ᠎ᠠ ᠪᠦᠲᠦᠭᠰᠡᠨ ᠵᠠᠬᠢᠶᠠᠯᠠᠭ᠎ᠠ ᠶᠢᠨ ᠬᠡᠮᠵᠢᠶ᠎ᠡ 220 ᠲᠦᠮᠡᠨ ᠬᠤᠪᠢ ᠬᠦᠷᠴᠦ᠂ ᠪᠣᠷᠣᠯᠠᠭᠤᠯᠭ᠎ᠠ ᠶᠢᠨ ᠬᠡᠮᠵᠢᠶ᠎ᠡ 1 ᠳ᠋ᠦᠩᠰᠢᠭᠤᠷ 4 ᠮᠢᠩᠭᠠᠨ ᠲᠦᠮᠡᠨ ᠲᠥᠭᠦᠷᠢᠭ ᠲᠤ ᠬᠦᠷᠴᠡᠶ᠃    ︽ᠲᠠᠶᠢᠶᠤᠸᠠᠨ ᠯᠣᠣ ᠭᠧ︾ ᠪᠦᠯᠬᠦᠮ ᠤᠨ ᠬᠤᠳᠠᠯᠳᠤᠭᠠᠴᠢᠨ ᠤᠷᠢᠬᠤ ᠬᠠᠷᠢᠭᠤᠴᠠᠯᠭᠠᠲᠠᠨ ᠰᠢᠤᠢ ᠪᠢᠨ᠄ ︽ᠡᠷᠢᠶᠡᠨ ᠬᠤᠲᠠ ᠶᠢᠨ ᠠᠭᠤᠷ ᠠᠮᠢᠰᠬᠤᠯ ᠬᠡᠳᠦ᠋ᠢᠪᠡᠷ ᠬᠠᠬᠢᠷ ᠬᠦᠢᠲᠡᠨ ᠪᠣᠯᠪᠠᠴᠤ ᠡᠷᠢᠶᠡᠨ ᠤ ᠬᠥᠮᠦᠰ ᠣᠨᠴᠠᠭᠠᠶ ᠬᠠᠯᠠᠭᠤᠨ ᠰᠡᠳᠬᠢᠯᠭᠡ ᠪᠠᠷ ᠪᠢᠳᠡᠨ ᠳᠤ ᠬᠠᠮᠤᠭ ᠤᠨ ᠶᠡᠭᠡ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠵᠡᠶ᠃ ᠡᠨᠡ ᠣᠷᠣᠶ ᠶᠢᠨ ᠰᠢᠭᠤᠳ ᠨᠡᠪᠲᠡᠷᠡᠭᠦᠯᠭᠡ ᠪᠠᠷ ᠳᠡᠮᠵᠢᠨ᠂ ᠡᠷᠢᠶᠡᠨ ᠥᠪᠥᠷ ᠮᠣᠩᠭᠤᠯ ᠤᠨ ᠣᠨᠴᠠᠯᠢᠭᠲᠤ ᠪᠦᠲᠦᠭᠡᠭᠳᠡᠬᠦᠨ ᠢ ᠪᠥᠬᠦ ᠤᠯᠤᠰ ᠤᠨ ᠬᠡᠷᠡᠭᠯᠡᠭᠴᠢᠳ ᠲᠤ ᠳᠡᠯᠭᠡᠷᠡᠭᠦᠯᠵᠦ᠂ ᠡᠷᠢᠶᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠪᠢᠳᠡ ᠬᠦᠰᠡᠵᠦ ᠪᠠᠶᠢᠨ᠎ᠠ︾ ᠭᠡᠵᠦ ᠬᠡᠯᠡᠪᠡ᠃    ᠣᠶᠢᠷ᠎ᠠ ᠶᠢᠨ ᠵᠢᠯ ᠳᠤ᠂ ᠮᠠᠨ ᠤ ᠬᠤᠲᠠ ᠠᠵᠤ ᠦᠢᠯᠡᠰ ᠤᠨ ᠵᠠᠭᠪᠤᠷ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠯᠧᠺᠲᠷᠣᠨ ᠬᠤᠳᠠᠯᠳᠤᠭᠠᠨ ᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠬᠥᠭᠵᠢᠯᠲᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠣᠰ ᠭᠠᠵᠠᠷ ‍ᠤᠨ‌ᠡᠯᠧᠺᠲᠷᠣᠨ ᠬᠤᠳᠠᠯᠳᠤᠭᠠᠨ ᠤ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠵᠤ᠂ ᠨᠠᠷᠠᠲᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠵᠢᠴᠢ ᠲᠠᠪᠴᠠᠩ ᠯᠤᠭ᠎ᠠ ᠶᠢᠨ ᠣᠯᠠᠨ ᠡᠰᠢᠲᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠨᠠᠷᠠᠲᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠳᠠᠪᠠᠭᠤᠯᠢᠭ ᠢ ᠠᠰᠢᠭᠯᠠᠨ᠂ ︽ᠰᠦᠯᠵᠢᠶᠡᠨ ᠣᠳᠣ︾ ᠪᠠ ᠬᠠᠯᠠᠮᠵᠢᠯ ᠤᠨ ᠦᠢᠯᠡᠳᠬᠦᠨ ᠢ ᠪᠣᠶ ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠪᠣᠭᠤᠮᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠪᠠᠯᠳᠠᠳᠤ ᠬᠥᠭᠵᠢᠯᠲᠡ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号