ᠬᠤᠷᠳᠤᠨ ᠬᠥᠳᠡᠯᠦᠶ᠎ᠡ︕ ᠵᠡᠭᠡᠯᠢ ᠭᠤᠳᠤᠮᠵᠢ ᠶᠢᠨ ᠬᠤᠷᠠᠭᠰᠠᠨ ᠴᠠᠰᠤ ᠶᠢ ᠴᠡᠪᠡᠷᠯᠡᠵᠦ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/11/28
   11 ᠰᠠᠷ᠎ᠠ ᠶᠢᠨ 22 ᠤᠨ ᠡᠳᠦᠷ᠂ ᠮᠠᠨ ᠤ ᠬᠤᠲᠠ ᠡᠪᠦᠯ ᠤᠨ ᠤᠯᠠᠷᠢᠯ ᠳᠤ ᠤᠷᠤᠭᠰᠠᠨ ᠠᠴᠠ ᠨᠠᠰᠢᠬᠢ ᠠᠩᠬᠠᠳᠠᠭᠴᠢ ᠴᠠᠰᠤ ᠣᠷᠣᠵᠤ᠂ ᠡᠪᠦᠯ ᠤᠨ ᠴᠠᠰᠤ ᠪᠦᠬᠦ᠋ᠢᠯᠡ ᠬᠢᠯᠢ ᠶᠢᠨ ᠬᠤᠲᠠ ᠶᠢ ᠮᠥᠩᠭᠦᠨ ᠴᠠᠭᠠᠨ ᠥᠩᠭᠡ ᠪᠠᠷ ᠴᠢᠮᠡᠭᠯᠡᠪᠡ᠃ ᠵᠠᠮ ᠳᠡᠭᠡᠷ᠎ᠡ ᠬᠤᠷᠠᠭᠰᠠᠨ ᠴᠠᠰᠤ ᠶᠢ ᠳᠦᠭᠦᠷᠭᠡᠵᠦ᠂ ᠶᠠᠪᠠᠭᠠᠨ ᠬᠥᠮᠦᠨ ᠠᠯᠬᠤᠭ᠎ᠠ ᠪᠠᠨ ᠤᠳᠠᠭᠠᠰᠢᠷᠠᠭᠤᠯᠵᠤ᠂ ᠲᠡᠷᠭᠡ ᠬᠤᠷᠳᠤᠴᠠ ᠪᠠᠨ ᠤᠳᠠᠭᠠᠰᠢᠷᠠᠭᠤᠯᠤᠨ ᠠᠯᠭᠤᠷ ᠣᠷᠣᠭᠰᠢᠯᠠᠨ᠎ᠠ᠃ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠦᠳᠲᠡᠷ ᠲᠦᠷᠭᠡᠨ ᠳᠠᠭᠠᠷᠢᠯᠲᠠ ᠬᠢᠵᠦ᠂ ᠴᠠᠰᠤ ᠠᠷᠢᠯᠭᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠲᠤᠰ ᠡᠳᠦᠷ ᠤᠨ ᠦᠳᠡ ᠶᠢᠨ ᠬᠤᠶᠢᠨᠠᠬᠢ 4 ᠴᠠᠭ ᠲᠤ ᠴᠠᠰᠤ ᠣᠷᠣᠬᠤ ᠬᠡᠮᠵᠢᠶ᠎ᠡ ᠪᠠᠭᠠᠰᠴᠠᠶ᠃ ᠤᠷᠤᠭᠰᠢᠯᠠᠯᠲᠠ ᠵᠠᠮ ᠪᠣᠯᠤᠨ ᠠᠪᠤᠷᠭᠤ ᠭᠦᠷᠪᠡᠯ ᠶᠡᠭᠡ ᠵᠡᠭᠡᠯᠢ ᠶᠢᠨ ᠠᠭᠤᠯᠵᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠲᠡᠮᠦᠷ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠬᠤᠷᠦ᠋ᠢᠯᠠᠵᠤ᠂ ᠬᠤᠷᠠᠭᠰᠠᠨ ᠴᠠᠰᠤ ᠶᠢ ᠴᠡᠪᠡᠷᠯᠡᠬᠦ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠰᠥᠨᠢ ᠶᠢᠨ ᠳᠤᠯᠠᠭᠠᠨ ᠤ ᠬᠡᠮᠵᠢᠶ᠎ᠡ ᠭᠡᠨᠡᠳᠲᠡ ᠪᠠᠭᠤᠷᠠᠬᠤ᠂ ᠬᠤᠷᠠᠭᠰᠠᠨ ᠴᠠᠰᠤ ᠮᠥᠰᠥ ᠪᠣᠯᠵᠤ ᠬᠤᠲᠠ ᠶᠢᠨ ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠪᠡ᠃    ᠢᠯᠢᠨ ᠶᠡᠭᠡ ᠵᠠᠮ ᠳᠤ᠂ ᠴᠠᠰᠤ ᠠᠷᠢᠯᠭᠠᠬᠤ ᠮᠠᠰᠢᠨ ᠲᠡᠷᠭᠡ ᠶᠢ ᠳᠤᠭᠤᠶᠢᠯᠠᠩ ᠬᠤᠪᠢᠶᠠᠨ ᠠᠵᠢᠯᠯᠠᠵᠤ᠂ ᠤᠷᠢᠳᠴᠢᠯᠠᠨ ᠠᠵᠢᠯᠯᠠᠬᠤ ᠵᠠᠮ ᠢᠶᠠᠷ ᠴᠡᠪᠡᠷᠯᠡᠨ ᠠᠷᠢᠯᠭᠠᠵᠤ᠂ ᠵᠡᠭᠡᠯᠢ ᠭᠤᠳᠤᠮᠵᠢ ᠶᠢᠨ ᠵᠠᠮ ᠳᠡᠭᠡᠷ᠎ᠡ ᠬᠤᠷᠠᠭᠰᠠᠨ ᠴᠠᠰᠤ ᠮᠥᠰᠥ   ᠶᠢ ᠴᠡᠪᠡᠷᠯᠡᠨ᠎ᠡ᠃    ᠬᠤᠢ ᠹᠧᠩ ᠴᠢᠩ ᠰᠢᠤᠸᠠᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠳᠠᠭᠠᠭᠠᠮᠠᠯ ᠯᠢ ᠰᠢᠶᠤᠤ ᠶᠢᠩ ᠬᠡᠯᠡᠭᠰᠡᠨ ᠨᠢ᠄ ︽ᠥᠴᠥᠭᠡᠳᠦᠷ ᠪᠢᠳᠡ ᠨᠢᠭᠡᠨᠲᠡ ᠴᠠᠰᠤᠲᠤ ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠬᠢᠵᠦ᠂ ᠴᠠᠰᠤ ᠵᠣᠭᠰᠣᠭᠰᠠᠨ ᠤ ᠳᠠᠷᠠᠭ᠎ᠠ ᠤᠤᠯ ᠤᠨ ᠲᠥᠯᠥᠪᠯᠡᠭᠡ ᠶᠣᠰᠣᠭᠠᠷ ᠬᠤᠷᠠᠭᠰᠠᠨ ᠴᠠᠰᠤ ᠶᠢ ᠴᠠᠭ ᠲᠤᠬᠠᠶ ᠳᠤᠨᠢ ᠴᠡᠪᠡᠷᠯᠡᠵᠦ᠂ ᠵᠡᠭᠡᠯᠢ ᠭᠤᠳᠤᠮᠵᠢ ᠶᠢ ᠲᠦᠷᠭᠡᠬᠡᠨ ᠴᠡᠪᠡᠷᠯᠡᠵᠦ᠂ ᠬᠤᠲᠠ ᠶᠢᠨ ᠠᠷᠠᠳ ᠪᠣᠯᠤᠨ ᠲᠡᠷᠭᠡ ᠬᠥᠰᠬᠡ ᠳᠤ ᠠᠮᠤᠷ ᠲᠦᠪᠰᠢᠨ ᠢᠶᠠᠷ ᠭᠠᠳᠠᠭᠰᠢ ᠭᠠᠷᠬᠤ ᠣᠷᠴᠢᠨ ᠲᠣᠭᠤᠷᠢᠨ ᠢ ᠬᠠᠩᠭᠠᠪᠠ᠃︾    ᠣᠶᠢᠯᠠᠭᠠᠭᠰᠠᠨ ᠢᠶᠠᠷ᠂ ᠲᠣᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠨᠢ ︽ᠤᠷᠢᠳᠠᠪᠠᠷ ᠭᠤᠤᠯ ᠵᠠᠮ᠂ ᠳᠠᠷᠠᠭ᠎ᠠ ᠨᠢ ᠰᠠᠯᠪᠤᠷᠢ ᠵᠠᠮ︾ ︽ᠤᠷᠢᠳᠠᠪᠠᠷ ᠨᠢᠭᠡ ᠵᠠᠮ ᠨᠡᠪᠲᠡᠷᠡᠭᠦᠯᠵᠦ᠂ ᠳᠠᠷᠠᠭ᠎ᠠ ᠨᠢ ᠬᠤᠶᠠᠷ ᠲᠠᠯ᠎ᠠ ᠲᠡᠰᠢ ᠥᠷᠭᠡᠳᠬᠡᠬᠦ︾ ᠳᠡᠰ ᠳᠠᠷᠠᠭᠠᠯᠠᠯ ᠶᠣᠰᠣᠭᠠᠷ᠂ ᠬᠤᠲᠠ ᠲᠣᠭᠤᠷᠢᠭ ᠤᠨ ᠭᠤᠤᠯ ᠵᠡᠭᠡᠯᠢ ᠭᠤᠳᠤᠮᠵᠢ᠂ ᠲᠡᠷᠭᠡ ᠬᠥᠰᠬᠡ ᠨᠢᠭᠲᠠᠷᠠᠭᠰᠠᠨ ᠵᠠᠮ ᠤᠨ ᠠᠭᠤᠯᠵᠠᠷ᠂ ᠴᠡᠴᠡᠷᠯᠢᠭ ᠤᠨ ᠠᠭᠤᠳᠠᠮ ᠲᠠᠯᠠᠪᠠᠢ ᠵᠡᠷᠭᠡ ᠭᠠᠵᠠᠷ ᠲᠤ ᠴᠠᠭ ᠲᠤᠬᠠᠶ ᠳᠤᠨᠢ ᠴᠠᠰᠤ ᠠᠷᠢᠯᠭᠠᠬᠤ ᠠᠵᠢᠯ ᠥᠷᠨᠢᠭᠦᠯᠵᠦ᠂ ᠴᠠᠰᠤ ᠮᠥᠰᠥ ᠬᠥᠯᠳᠡᠬᠦ ᠴᠠᠭ ᠠᠭᠤᠷ ᠤᠨ ᠵᠠᠮ ᠨᠡᠪᠲᠡᠷᠡᠬᠦ ᠵᠢᠴᠢ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠳᠤ ᠦᠵᠡᠭᠦᠯᠬᠦ ᠠᠰᠢᠭ ᠦᠭᠡᠶ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠣᠳᠣᠬᠠᠨ ᠳᠤ ᠬᠤᠷᠠᠭᠰᠠᠨ ᠴᠠᠰᠤ ᠶᠢ ᠴᠡᠪᠡᠷᠯᠡᠬᠦ ᠠᠵᠢᠯ ᠪᠠᠰᠠ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号