【 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ 】  ᠡᠷᠢᠶᠡᠨ ᠬᠤᠲᠠ ᠠᠩᠬᠠᠳᠠᠭᠴᠢ ᠬᠤᠭᠤᠴᠠᠭᠠᠨ ᠤ ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/28
   ᠪᠦᠬᠦ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ᠂ ᠰᠣᠨᠢᠨ ᠮᠡᠳᠡᠭᠡᠨ ᠤ ᠵᠠᠭᠤᠴᠢᠯᠠᠭᠤᠷ᠂ ᠰᠤᠷᠭᠠᠨ ᠬᠥᠮᠦᠵᠢᠯ ᠤᠨ ᠡᠲᠡᠭᠡᠳ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠵᠡᠷᠭᠡ ᠬᠦᠷᠢᠶᠡᠨ ᠳᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠳᠣᠯᠠᠳᠠ᠂ ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠵᠣᠬᠢᠴᠠᠩᠭᠤᠶ ᠲᠡᠰ ᠤᠨ ᠪᠠᠷᠢᠮᠵᠢᠶ᠎ᠠ ᠳᠤ ᠬᠦᠷᠭᠡᠵᠤ᠂ 11 ᠰᠠᠷ᠎ᠠ ᠶᠢᠨ 25 ᠤ ᠡᠳᠦᠷ᠂ ᠬᠤᠲᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠠᠯᠪᠠᠨ ᠭᠡᠷ ᠪᠦᠬᠦ ᠬᠤᠲᠠ ᠶᠢᠨ ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃    ᠲᠣᠰ ᠤᠳᠠᠭᠠᠨ ᠤ ᠪᠣᠯᠪᠠᠰᠤᠷᠠᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠭᠴᠢ᠂ ᠪᠠᠭᠰᠢ ᠶᠢ ᠤᠷᠢᠵᠤ ᠬᠢᠴᠢᠶᠡᠯ ᠣᠷᠣᠭᠤᠯᠤᠨ᠎ᠠ᠃ ᠬᠢᠴᠢᠶᠡᠯᠯᠡᠬᠦ ᠠᠭᠤᠯᠭ᠎ᠠ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡᠯᠢᠭ ᠬᠡᠯᠡᠨ ᠤ ᠠᠪᠢᠶᠠᠨ ᠤ ᠰᠠᠭᠤᠷᠢ ᠮᠡᠳᠡᠯᠭᠡ ᠵᠢᠴᠢ ᠤᠩᠰᠢᠯᠭ᠎ᠠ᠂ ᠥᠭᠦᠯᠡᠪᠦᠷᠢ ᠦᠭᠡ ᠶᠢᠨ ᠦᠨᠳᠦᠰᠦᠨ ᠠᠭᠤᠯᠭ᠎ᠠ᠂ ᠨᠡᠶᠢᠲᠡᠯᠢᠭ ᠬᠡᠯᠡᠨ ᠤ ᠬᠢᠷᠢ ᠲᠦᠪᠰᠢᠨ ᠤ ᠵᠡᠷᠭᠡ ᠲᠠᠰ ᠤᠨ ᠰᠢᠯᠭᠠᠯᠲᠠ ᠶᠢᠨ ᠶᠠᠪᠤᠴᠠ ᠂ ᠰᠢᠯᠭᠠᠯᠲᠠ ᠳᠤ ᠪᠡᠯᠡᠳᠬᠡᠬᠦ ᠠᠷᠭ᠎ᠠ ᠪᠣᠳᠣᠯᠭ᠎ᠠ ᠵᠡᠷᠭᠡ ᠶᠢᠨ ᠲᠣᠭᠤᠷᠢᠨ ᠳᠤ ᠶᠠᠪᠤᠭᠳᠠᠪᠠ᠃    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠣᠳᠣ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠨᠡᠶᠢᠲᠡᠯᠢᠭ ᠬᠡᠯᠡ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠨᠡᠶᠢᠲᠡᠯᠢᠭ ᠬᠡᠯᠡ ᠶᠢ ᠬᠡᠷᠡᠭᠯᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠨ ᠳᠠᠶᠢᠴᠢᠯᠠᠵᠤ ᠨᠡᠶᠢᠲᠡᠯᠢᠭ ᠬᠡᠯᠡ ᠶᠢ ᠰᠠᠶᠢᠲᠤᠷ ᠶᠠᠷᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠦᠲᠦᠮᠵᠢᠲᠡᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号