【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠾᠧ ᠵᠢᠤᠢ ᠶᠤᠸᠠᠨ ᠤ 200 ᠲᠦᠮᠡᠨ ᠲᠤᠨ ᠬᠢᠮᠡᠯ ᠬᠡᠰᠡᠭᠲᠦ ᠠᠭᠤᠷᠬᠠᠢ ᠶᠢᠨ ᠲᠦᠷᠦᠯ ᠵᠦᠢᠯ᠄ ᠲᠤᠬᠠᠢ ᠶᠢᠨ ᠵᠢᠯ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠵᠢᠯ ᠳᠤ ᠠᠰᠢᠬᠯᠠᠯᠳᠠ ᠳᠤ ᠤᠷᠤᠭᠤᠯᠪᠠ
ᠨᠡᠶᠢᠲᠡᠯᠡᠭᠰᠡᠨ ᠴᠠᠭ᠄
2023/11/3
  ᠬᠤᠲᠠ ᠶᠢᠨ ᠪᠠᠢ ᠾᠦᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ ᠪᠠᠶᠢᠭᠤᠯᠤᠭᠰᠠᠨ ᠾᠧ ᠵᠢᠦᠢ ᠶᠤᠸᠠᠨ ᠤ 200 ᠲᠦᠮᠡᠨ ᠲᠣᠨ ᠬᠢᠮᠡᠯ ᠬᠡᠰᠡᠭᠲᠦ ᠠᠭᠤᠷᠬᠠᠢ ᠶᠢᠨ ᠲᠥᠷᠥᠯ ᠵᠦᠢᠯ ᠪᠣᠯ ᠮᠠᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠤᠨ᠎ᠠ᠃ ᠲᠤᠰ ᠲᠦᠷᠦᠯ ᠵᠦᠢᠯ ᠢ ᠲᠣᠭᠲᠠᠭᠠᠬᠤ᠂ ᠠᠵᠢᠯ ᠡᠬᠢᠯᠡᠭᠦᠯᠬᠦ᠂ ᠪᠠᠶᠢᠭᠤᠯᠵᠤ ᠳᠠᠭᠤᠰᠬᠠᠬᠤ᠂ ᠦᠢᠯᠡᠳᠪᠦᠷᠢᠯᠡᠯ ᠢ ᠨᠢ ᠴᠥᠮ ᠲᠤᠬᠠᠢ ᠶᠢᠨ ᠵᠢᠯ ᠳᠤ ᠳᠠᠭᠤᠰᠬᠠᠵᠤ᠂ 2016 ᠣᠨ ᠳᠤ ᠰᠢᠨ᠎ᠡ ᠪᠠᠷ ᠪᠠᠶᠢᠭᠤᠯᠤᠭᠰᠠᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠦᠷᠦᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ︽ᠡᠷᠢᠶᠡᠨ ᠤ ᠬᠤᠷᠳᠤᠴᠠ︾ ᠶᠢ ᠳᠠᠬᠢᠨᠲᠠ ᠡᠭᠦᠳᠪᠡ᠃    ᠾᠧ ᠵᠢᠤᠢ ᠶᠤᠸᠠᠨ 200 ᠲᠦᠮᠡᠨ ᠲᠣᠨ ᠬᠢᠮᠡᠯ ᠬᠡᠰᠡᠭᠲᠦ ᠠᠭᠤᠷᠬᠠᠶ ᠶᠢᠨ ᠲᠥᠷᠥᠯ ᠵᠦᠢᠯ ᠪᠣᠯ ᠮᠠᠨ ᠤ ᠬᠤᠲᠠ ᠶᠢᠨ ᠲᠡᠮᠦᠷ ᠤᠨ ᠬᠦᠳᠡᠷ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠥᠯᠥᠭᠡ ᠣᠷᠣᠭᠤᠯᠤᠭᠰᠠᠨ ᠢᠰᠦᠯᠳᠦᠭᠰᠡᠨ ᠪᠥᠮᠪᠥᠭᠡᠯᠢᠭ ᠲᠥᠷᠥᠯ ᠵᠦᠢᠯ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠪᠠᠶᠢᠵᠤ᠂ 84 ᠮᠥ ᠲᠠᠯᠠᠪᠠᠶ ᠡᠵᠡᠯᠡᠨ᠂ ᠭᠤᠤᠯᠳᠠᠭᠤ ᠨᠠᠷᠢᠯᠢᠭ ᠨᠤᠨᠲᠠᠭ ᠤᠨ ᠬᠥᠮᠥᠷᠭᠡ᠂ ᠪᠥᠮᠪᠥᠭᠡᠯᠢᠭ ᠦᠢᠯᠡᠳᠬᠦ ᠲᠠᠰᠤᠭ᠂ ᠤᠷᠢᠳᠴᠢᠯᠠᠨ ᠨᠠᠶᠢᠷᠠᠭᠤᠯᠬᠤ ᠮᠠᠲ᠋ᠧᠷᠢᠶᠠᠯ ᠤᠨ ᠲᠠᠰᠤᠭ᠂ ᠬᠥᠪᠰᠥᠭᠡᠷ ᠰᠢᠷᠣᠶ ᠶᠢᠨ ᠬᠥᠮᠥᠷᠭᠡ᠂ ᠨᠠᠷᠢᠯᠢᠭ ᠨᠤᠨᠲᠠᠭ ᠢ ᠬᠠᠳᠠᠭᠠᠬᠤ ᠲᠠᠰᠤᠭ᠂ ᠬᠦᠴᠦᠲᠦ ᠬᠤᠯᠢᠮᠠᠭ ᠲᠠᠰᠤᠭ᠂ ᠬᠥᠪᠰᠥᠭᠡᠷ ᠰᠢᠷᠣᠶ ᠶᠢᠨ ᠲᠣᠭᠤᠰᠣ ᠠᠷᠢᠯᠭᠠᠬᠤ ᠨᠠᠶᠢᠷᠠᠭᠤᠯᠬᠤ ᠲᠠᠰᠤᠭ ᠵᠡᠷᠭᠡ ᠶᠢ ᠪᠥᠲᠥᠭᠡᠨ ᠪᠠᠶᠢᠭᠤᠯᠤᠨ᠎ᠠ᠃    ᠲᠣᠰ ᠲᠥᠷᠥᠯ ᠵᠦᠢᠯ ᠢ ᠡᠨᠡ ᠵᠢᠯ ᠤᠨ 4 ᠰᠠᠷ᠎ᠠ ᠶᠢᠨ 15 ᠤ ᠡᠳᠦᠷ ᠡᠬᠢᠯᠡᠭᠦᠯᠵᠦ᠂ ᠭᠤᠷᠪᠠᠨ ᠡᠭᠡᠯᠵᠢ ᠶᠢᠨ ᠬᠡᠪ ᠢ ᠲᠣᠩᠭᠤᠷᠠᠭᠤᠯᠬᠤ ᠬᠡᠯᠪᠡᠷᠢ ᠪᠠᠷ ᠪᠠᠷᠢᠵᠤ᠂ ᠣᠷᠭᠢᠯ ᠤᠨ ᠬᠤᠭᠤᠴᠠᠭᠠᠨ ᠳᠤ ᠡᠳᠦᠷ ᠪᠦᠷᠢ 500 ᠭᠠᠷᠤᠶ ᠠᠵᠢᠯᠴᠢᠨ᠂ 100 ᠭᠠᠷᠤᠶ ᠪᠠᠷᠢᠯᠭ᠎ᠠ ᠶᠢᠨ ᠮᠠᠰᠢᠨ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠨ᠎ᠠ᠃    ᠬᠤᠲᠠ ᠶᠢᠨ ᠪᠠᠶ ᠾᠦᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠪᠣᠷᠣᠯᠠᠭᠤᠯᠭ᠎ᠠ ᠶᠢᠨ ᠳᠠᠭᠠᠭᠠᠮᠠᠯ ᠶᠠᠩ ᠹᠧᠩ᠄ ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠪᠠᠷᠢᠯᠭ᠎ᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠪᠡ᠃ ᠲᠤᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠠᠳᠠᠯᠢ ᠬᠡᠪᠴᠢᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠲᠦᠷᠭᠡᠨ ᠬᠤᠷᠳᠤᠴᠠ ᠶᠢ ᠨᠡᠭᠡᠭᠡᠨ ᠡᠬᠢᠯᠡᠭᠦᠯᠦᠭᠰᠡᠨ ᠪᠠᠶᠢᠨ᠎ᠠ᠃ 10 ᠰᠠᠷ᠎ᠠ ᠶᠢᠨ 26 ᠤ ᠡᠳᠦᠷ ᠠᠴᠠ ᠡᠬᠢᠯᠡᠨ ᠲᠥᠬᠦᠭᠡᠷᠦᠮᠵᠢ ᠶᠢᠨ ᠴᠢᠳᠠᠪᠬᠢ᠂ ᠠᠵᠢᠯᠯᠠᠭᠠᠨ ᠢ ᠲᠤᠷᠰᠢᠨ ᠦᠢᠯᠡᠳᠪᠦᠷᠢᠯᠡᠵᠦ᠂ ᠣᠳᠣᠬᠠᠨ ᠳᠤ ᠨᠢᠭᠡᠨᠲᠡ ᠵᠢᠩᠬᠢᠨᠢ ᠦᠢᠯᠡᠳᠪᠦᠷᠢᠯᠡᠯ ᠤᠨ ᠱᠠᠲᠤᠨ ᠳᠤ ᠣᠷᠣᠵᠤ᠂ ᠡᠳᠦᠷ ᠪᠦᠷᠢ 4000 ᠲᠣᠨ ᠣᠷᠴᠢᠮ ᠤᠨ ᠬᠢᠮᠡᠯ ᠬᠡᠰᠡᠭ ᠦᠢᠯᠡᠳᠪᠦᠷᠢᠯᠡᠬᠦ ᠪᠣᠯᠪᠠ᠃    ᠲᠣᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠲᠥᠬᠦᠭᠡᠷᠦᠮᠵᠢ ᠪᠠ ᠣᠶᠤᠨᠴᠢ ᠬᠠᠮᠢᠶᠠᠷᠤᠯᠲᠠ ᠶᠢᠨ ᠬᠢᠷᠢ ᠲᠦᠪᠰᠢᠨ ᠢ ᠣᠷᠣᠭᠤᠯᠤᠨ ᠠᠪᠴᠢᠷᠠᠵᠤ᠂ ᠤᠶᠤᠨᠴᠢᠯᠠᠭᠰᠠᠨ᠂ ᠪᠣᠬᠢᠷᠲᠤᠯ ᠥᠬᠡᠶ ᠪᠠᠷ ᠬᠥᠭᠵᠢᠭᠦᠯᠵᠦ᠂ ᠤᠯᠤᠰ ᠤᠨ ᠳᠣᠲᠣᠭᠠᠳᠤ ᠳᠤ ᠨᠡᠯᠢᠶᠡᠳ ᠲᠡᠷᠢᠭᠦᠨ ᠤ ᠪᠣᠯᠪᠠᠰᠤᠷᠠᠩᠭᠤᠶ ᠪᠣᠯᠤᠭᠰᠠᠨ ᠨᠤᠷᠠᠭᠠᠯᠲᠠ ᠶᠢᠨ ᠤᠭᠤᠷᠬᠠᠢ ᠶᠢᠨ ᠢᠰᠦᠯᠳᠦᠭᠰᠡᠨ ᠬᠢᠮᠡᠯ ᠮᠥᠬᠦᠯᠢᠭᠲᠦ ᠠᠭᠤᠷᠬᠠᠶ ᠶᠢᠨ ᠭᠠᠷ ᠤᠷᠠᠯᠠᠯ ᠢ ᠬᠡᠷᠡᠭᠯᠡᠨ᠂ 10 ᠰᠠᠭᠤᠷᠢ ᠰᠢᠨ᠎ᠡ ᠡᠨᠧᠷᠭᠢ ᠶᠢᠨ ᠠᠴᠢᠶᠠᠯᠠᠬᠤ ᠮᠠᠰᠢᠨ ᠢ ᠬᠤᠳᠠᠯᠳᠤᠨ ᠠᠪᠴᠤ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠨᠢ ᠢ ᠱᠢ ᠯᠠᠨ ᠶᠠ ᠤᠰᠤᠨ ᠰᠤᠷᠪᠤᠯᠵᠢ ᠶᠢᠨ ᠭᠠᠵᠠᠷ ᠤᠨ ᠤᠰᠤᠨ ᠰᠤᠷᠪᠤᠯᠵᠢ ᠶᠢ ᠬᠡᠷᠡᠭᠯᠡᠨ᠎ᠡ᠃    ᠣᠶᠢᠯᠠᠭᠠᠭᠰᠠᠨ ᠢᠶᠠᠷ᠂ 200 ᠲᠦᠮᠡᠨ ᠲᠣᠨ ᠬᠢᠮᠡᠯ ᠬᠡᠰᠡᠭᠲᠦ ᠠᠭᠤᠷᠬᠠᠢ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠡᠵᠡᠩᠨᠡᠯᠲᠡ ᠶᠢᠨ ᠣᠷᠣᠯᠭ᠎ᠠ ᠨᠢ 18 ᠳ᠋ᠦᠩᠰᠢᠭᠤᠷ ᠲᠥᠭᠦᠷᠢᠭ ᠲᠤ ᠬᠦᠷᠴᠦ᠂ 200 ᠭᠠᠷᠤᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠭᠠᠶᠢᠯᠢ ᠲᠤᠰᠢᠶᠠᠬᠤ ᠨᠢ 2 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠬᠤᠲᠠ ᠶᠢᠨ ᠲᠡᠮᠦᠷ ᠤᠨ ᠬᠦᠳᠡᠷ ᠡᠳ᠋ᠰᠢᠭᠦᠯᠬᠦ ᠲᠠᠯ᠎ᠠ ᠪᠠᠷ ᠬᠢ ᠠᠵᠤ ᠦᠢᠯᠡᠰ ᠤᠨ ᠬᠡᠯᠬᠢᠶ᠎ᠡ ᠨᠢ ᠣᠬᠤᠷ ᠪᠠᠶᠢᠬᠤ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠶ ᠨᠥᠬᠦᠪᠥᠷᠢᠯᠡᠵᠦ᠂ ᠲᠡᠮᠦᠷ ᠤᠨ ᠬᠦᠳᠡᠷ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号