ᠨᠡᠩ ᠬᠤᠷᠳᠤᠨ ᠨᠡᠩ ᠰᠠᠭᠠᠳ ᠦᠭᠡᠢ ᠨᠡᠩ  ᠳᠦᠬᠦᠮ︕ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠢ ᠶᠡᠭᠡ ᠪᠠᠷ ᠪᠠᠭᠠᠰᠬᠠᠪᠠ
ᠨᠡᠶᠢᠲᠡᠯᠡᠭᠰᠡᠨ ᠴᠠᠭ᠄
2023/11/3
  ᠡᠨᠡ ᠵᠢᠯ ᠤᠨ ᠭᠤᠷᠪᠠᠳᠤᠭᠠᠷ ᠤᠯᠠᠷᠢᠯ ᠳᠤ᠂ ᠡᠷᠢᠶᠡᠨ ᠬᠤᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠨᠢ ᠲᠣᠰ ᠲᠣᠰ 29.2 ᠴᠠᠭ᠂ 0.09 ᠴᠠᠭ ᠪᠠᠶᠢᠵᠤ᠂ 2017 ᠣᠨ ᠤ ᠬᠢ ᠠᠴᠠ ᠲᠣᠰ ᠲᠣᠰ 74.2% ᠪᠠ 96.4% ᠪᠠᠷ ᠶᠡᠭᠡ ᠪᠠᠷ ᠪᠠᠭᠠᠰᠪᠠ᠃    ᠡᠨᠡ ᠵᠢᠯ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠤᠨ᠎ᠠ᠂ ︽ᠨᠢᠭᠡ ᠪᠦᠰᠡ ᠨᠢᠭᠡ ᠵᠠᠮ︾ ᠤᠨ ᠴᠢᠬᠤᠯᠠ ᠬᠠᠮᠲᠤᠷᠠᠯᠴᠠᠭᠠᠨ ᠤ ᠬᠤᠯᠪᠣᠭᠠᠰᠤ ᠪᠣᠯᠤᠭᠰᠠᠨ ᠤ ᠬᠤᠪᠢ ᠳᠤ᠂ ᠴᠡᠴᠡᠭᠯᠡᠨ ᠬᠥᠭᠵᠢᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃    ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠲᠦᠷᠭᠡᠨ ᠰᠡᠷᠭᠦᠬᠦ ᠶᠢ ᠳᠠᠭᠠᠯᠳᠤᠨ᠂ ᠡᠷᠢᠶᠡᠨ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠬᠤ ᠪᠠᠷ ᠬᠦᠴᠦᠯᠡᠬᠦ ᠴᠡᠭ ᠪᠣᠯᠭᠠᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾᠂ ︽ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ︾ ᠵᠡᠷᠭᠡ ᠣᠯᠠᠨ ᠵᠦᠢᠯ ᠤᠨ ᠭᠤᠶᠤᠴᠢᠯᠠᠨ ᠮᠡᠳᠡᠭᠦᠯᠬᠦ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠢᠯᠣᠭᠤᠳᠤᠨ ︽ᠬᠤᠶᠠᠷ ᠬᠡᠰᠡᠭ ᠲᠤ ᠵᠥᠪᠰᠢᠶᠡᠷᠡᠨ ᠣᠷᠣᠭᠤᠯᠬᠤ︾ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠮᠠᠶ᠋ᠢᠭ ᠢ ᠠᠮᠢᠳᠤᠯᠢᠭ ᠢᠶᠠᠷ ᠳᠠᠪᠬᠤᠷᠳᠠᠭᠤᠯᠤᠨ ᠬᠡᠷᠡᠭᠯᠡᠵᠦ᠂ ︽ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ᠂ ᠳᠠᠪᠠᠭᠤᠯᠢᠭ ᠳᠠᠪᠬᠤᠷᠳᠠᠵᠤ ᠭᠠᠶᠢᠯᠢ ᠲᠠᠲᠠᠪᠤᠷᠢᠯᠠᠬᠤ︾ ᠶᠢ ᠦᠨᠡᠨ ᠬᠦ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃    ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠷᠢᠶᠡᠨ ᠬᠤᠲᠠ ᠶᠢᠨ ᠬᠤᠪᠢᠶᠠᠷᠢ ᠺᠣᠮᠫᠠᠨᠢ ᠶᠢᠨ ᠲᠡᠮᠦᠷ ᠵᠠᠮ ᠤᠨ ᠪᠠᠷᠠᠭᠠᠨ ᠤ ᠣᠷᠣᠯᠠᠬᠤ ᠬᠡᠯᠲᠡᠰ ᠤᠨ ᠯᠢᠦ ᠶᠠᠩ᠄ ︽ᠡᠮᠦᠨ᠎ᠡ ᠬᠡᠳᠦᠨ ᠵᠢᠯ ᠲᠠᠢ ᠬᠠᠷᠢᠴᠠᠭᠤᠯᠪᠠᠯ᠂ ᠣᠲᠣ ᠨᠢᠭᠡᠨᠲᠡ ᠪᠣᠭᠤᠮᠲᠠ ᠳᠤ ᠮᠡᠳᠡᠭᠦᠯᠦᠭᠴᠢ ᠠᠵᠤ ᠠᠬᠤᠶᠢᠯᠠᠯ᠂ ᠴᠢᠨᠠᠭᠰᠢᠯᠠᠪᠠᠯ ᠬᠡᠷ ᠲᠡᠭᠡᠨ ᠪᠦᠬᠦᠯᠢ ᠡᠳᠦᠷ ᠢᠶᠠᠷ ᠮᠡᠳᠡᠭᠦᠯᠬᠦ ᠪᠣᠯᠵᠣ᠂ ᠭᠠᠶᠢᠯᠢ ᠰᠦᠢᠳᠭᠡᠯ ᠢ ᠡᠯᠧᠺᠲ᠋ᠣᠷᠣᠨ ᠢᠶᠠᠷ ᠥᠭᠬᠦ ᠪᠥᠭᠡᠳ ᠪᠠᠶᠢᠴᠠᠭᠠᠨ ᠰᠢᠯᠭᠠᠬᠤ ᠴᠢᠬᠤᠯᠠ ᠥᠬᠡᠶ ᠪᠠᠶᠢᠳᠠᠯ ᠳᠣᠤᠷ᠎ᠠ ᠭᠤᠶᠤᠴᠢᠯᠠᠨ ᠮᠡᠳᠡᠭᠦᠯᠪᠡᠯ ᠳᠠᠷᠤᠶ ᠲᠠᠯᠪᠢᠵᠤ ᠶᠠᠪᠤᠭᠤᠯᠤᠨ᠎ᠠ᠃ ᠬᠦᠯᠢᠶᠡᠬᠦ ᠴᠠᠭ᠂ ᠶᠠᠷᠰᠢᠭ ᠲᠦᠪᠡᠭ ᠲᠠᠢ ᠡᠳ᠋ ᠪᠠᠷᠠᠭ᠎ᠠ ᠶᠢ ᠭᠠᠷᠭᠠᠨ ᠠᠪᠬᠤ ᠤᠷᠳᠤ ᠤᠳᠠᠭᠠᠨ ᠭᠠᠷᠳᠠᠮ ᠨᠢ ᠪᠠᠶᠢᠬᠤ ᠦᠭᠡᠢ᠂ ᠪᠣᠭᠤᠮᠲᠠ ᠥᠩᠭᠡᠷᠡᠬᠦ ᠠᠵᠢᠯ ᠤᠨ ᠲᠤᠬᠠᠢ ᠶᠢᠨ ᠲᠠᠯᠠᠪᠠᠢ ᠪᠠ ᠪᠠᠷᠠᠭᠠᠨ ᠤ ᠲᠠᠯᠠᠪᠠᠢ ᠶᠢᠨ ᠬᠤᠭᠤᠷᠣᠨᠳᠣ ᠨᠠᠰᠢ ᠴᠠᠰᠢ ᠶᠠᠪᠤᠬᠤ ᠴᠢᠬᠤᠯᠠ ᠦᠭᠡᠢ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠪᠣᠭᠤᠮᠲᠠ ᠥᠩᠭᠡᠷᠡᠬᠦ ᠴᠠᠭ ᠢ ᠶᠡᠭᠡ ᠪᠠᠷ ᠪᠣᠭᠤᠨᠢᠰᠬᠠᠵᠤ᠂ ᠦᠨᠡᠬᠡᠷ ᠲᠦᠭᠦᠮ ᠪᠣᠯᠪᠠ  ︾ ᠭᠡᠪᠡ᠃    ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2013 ᠣᠨ ᠳᠤ ᠨᠡᠪᠲᠡᠷᠡᠭᠰᠡᠨ ᠠᠴᠠ ᠨᠠᠰᠢ᠂ ᠠᠵᠢᠯᠯᠠᠭᠠᠨ ᠤ ᠵᠠᠮ ᠱᠤᠭᠤᠮ 2 ᠪᠠᠶᠢᠭᠰᠠᠨ ᠠᠴᠠ ᠪᠠᠨ 69 ᠪᠤᠯᠵᠤ ᠨᠡᠮᠡᠭᠳᠡᠵᠦ᠂ ᠨᠡᠶᠢᠲᠡ 1.3 ᠲᠦᠮᠡᠨ ᠴᠤᠪᠤᠭ᠎ᠠ ᠲᠡᠷᠭᠡ ᠠᠶᠠᠯᠠᠭᠰᠠᠨ ᠪᠠᠶᠢᠨ᠎ᠠ᠃ 178 ᠬᠠᠶᠢᠷᠴᠠᠭ ᠢ ᠠᠴᠢᠶᠠᠯᠠᠵᠤ ᠪᠠᠶᠢᠭᠰᠠᠨ ᠠᠴᠠ ᠨᠡᠮᠡᠭᠳᠡᠭᠡᠳ 135 ᠬᠠᠶᠢᠷᠴᠠᠭ ᠪᠣᠯᠵᠤ᠂ ᠪᠠᠷᠠᠭ᠎ᠠ ᠨᠢ 1200 ᠲᠦᠮᠡᠨ ᠲᠣᠨ ᠢ ᠳᠠᠪᠠᠵᠤ᠂ ᠪᠠᠷᠠᠭᠠᠨ ᠤ ᠥᠷᠲᠡᠭ ᠨᠢ ᠪᠠᠷᠤᠭ 300 ᠳ᠋ᠦᠩᠰᠢᠭᠤᠷ ᠳ᠋ᠣᠯᠯᠠᠷ ᠰᠢᠬᠠᠮ ᠪᠣᠯᠵᠠᠶ᠃    ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢᠦ ᠵᠢᠶᠠᠨ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠤᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ ᠲᠠᠰᠤᠷᠠᠯᠲᠠ ᠥᠬᠡᠶ ᠪᠠᠭᠠᠰᠬᠠᠨ᠂ ᠡᠳ᠋ ᠪᠠᠷᠠᠭ᠎ᠠ ᠶᠢ ᠨᠠᠩ ᠲᠦᠷᠭᠡᠨ᠂ ᠨᠠᠩ ᠰᠢᠯᠤᠭᠤᠬᠠᠨ᠂ ᠨᠠᠩ ᠳᠥᠭᠦᠮ ᠳᠥᠲᠡ ᠪᠣᠯᠭᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号