ᠮᠠᠨ ᠤ ᠬᠤᠳᠠ ᠪᠤᠭᠤᠮᠳᠠ ᠶᠢᠨ ᠲᠦᠷᠦ ᠶᠢᠨ ᠪᠤᠳᠤᠯᠢᠭ᠎ᠠ ᠶᠢ ᠴᠢᠩᠭᠠᠳᠬᠠᠵᠦ᠂  ᠭᠠᠴᠠᠭᠠᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/11/30
ᠤᠷᠴᠢᠭᠤᠯᠤᠠᠠᠴᠢ᠄  ᠪᠦᠷᠢᠩᠭᠤᠸ᠎ᠠ  ᠤᠳᠤᠷᠢᠳᠬᠠᠯ᠄        11 ᠰᠠᠷ᠎ᠠ ᠶᠢᠨ 24  ᠤ ᠡᠳᠦᠷ᠂ ᠡᠷᠢᠶᠡᠨ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ  ᠰᠠᠯᠠᠭᠠᠨ  ᠤ ᠨᠠᠮ ᠤᠨ ᠡᠭᠦᠷ ᠬᠤᠳᠠ ᠶᠢᠨ  ᠭᠡᠷᠡᠯᠳᠦᠡᠣᠳᠦ  ᠰᠤᠮᠤᠨ ᠤ ᠨᠠᠮ ᠤᠨ ᠬᠤᠷᠢᠶ᠎ᠠ ᠲᠠᠢ ᠬᠠᠮᠲᠤᠷᠠᠨ ︵︽ᠪᠣᠭᠤᠮᠲᠠ + ᠭᠠᠴᠠᠭ᠎ᠠ﹀﹀ ᠬᠤᠯᠪᠤᠭᠠᠯᠠᠨ ᠬᠥᠳᠡᠯᠦᠯᠴᠡᠵᠦ ᠠᠷᠭ᠎ᠠ ᠤᠬᠠᠭᠠᠨ  ᠰᠦᠪᠡᠭᠴᠢᠯᠡᠨ  ᠬᠥᠭᠵᠢᠯᠲᠡ ᠶᠢ ᠳᠡᠮᠵᠢᠬᠦ  ︶ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃  ᠤᠳᠤᠷᠢᠳᠬᠠᠯ᠄        ᠠᠵᠢᠯᠯᠠᠭᠠᠨ ᠤ ᠳᠤᠮᠳᠠ᠂ ᠨᠠᠮ ᠤᠨ ᠭᠡᠰᠢᠭᠦᠳ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠲᠠᠯ᠎ᠠ ᠨᠤᠲᠤᠭ ᠤᠨ 110 ︽ ᠭᠤᠷᠪᠠ ᠶᠢ ᠤᠶᠠᠯᠳᠤᠭᠤᠯᠤᠠᠠᠰᠡᠨ︾ ᠵᠢᠱᠢᠶ᠎ᠡ ᠦᠵᠡᠭᠦᠯᠬᠦ ᠡᠷᠦᠬᠡ ᠤᠨᠢᠮᠦᠶᠢᠩᠬᠡ ᠶᠢᠨ ᠭᠡᠷ ᠲᠤ ᠬᠦᠷᠴᠦ᠂  ᠭᠠᠴᠠᠭᠠᠨ ᠤ  ᠮᠠᠯᠴᠢᠳ ᠲᠤ ᠬᠢᠯᠢ ᠶᠢᠨ ᠠᠷᠠᠳ ᠤᠨ  ᠴᠢᠯᠦᠭᠡᠳᠦ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠳᠠᠭᠠᠳᠤ   ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠬᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠠᠸᠠᠷ ᠤᠨ ᠵᠠᠬ᠎ᠠ ᠳᠤ ᠣᠷᠣᠬᠤ ᠵᠥᠪᠰᠢᠶᠡᠷᠡᠯ᠂ ᠪᠣᠭᠤᠮᠲᠠ ᠪᠠᠷ ᠥᠩᠭᠡᠷᠡᠬᠦ᠂ ᠭᠠᠶᠢᠯᠢ ᠲᠠᠲᠠᠪᠤᠷᠢ ᠵᠡᠷᠭᠡ  ᠬᠠᠮᠢᠶᠠᠳᠠᠢ ᠠᠰᠠᠭᠤᠳᠠᠯ ᠢ  ᠲᠠᠨᠢᠯᠴᠠᠭᠤᠯᠤᠠᠠᠰᠡᠨ ᠤ ᠬᠠᠮᠲᠤ ᠲᠡᠳᠡᠨ ᠳᠤ ︽ᠬᠢᠯᠢ ᠶᠢᠨ ᠠᠷᠠᠳ ᠤᠨ ᠴᠢᠯᠦᠭᠡᠳᠦ ᠠᠷᠠᠯᠵᠢᠶᠠᠨ ᠤ ᠵᠠᠬ᠎ᠠ  ᠶᠢᠨ ᠬᠠᠮᠢᠶᠠᠷᠤᠯᠲᠠ ᠶᠢᠨ ᠠᠷᠭ᠎ᠠ ᠶᠢᠨ ᠲᠠᠶᠢᠯᠤᠮᠵᠢ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ   ᠲᠠᠶᠢᠯᠪᠦᠷᠢᠯᠡᠨ ᠦᠭᠴᠠᠢ᠃         ᠬᠤᠲᠠ   ᠶᠢᠨ  ᠭᠡᠷᠡᠯᠳᠦᠡᠣᠳᠦ ᠰᠤᠮᠤᠨ ᠤ ᠬᠤᠪᠢ   ᠶᠢᠨ ᠡᠵᠡᠩᠨᠡᠯᠲᠡ   ᠶᠢᠨ ᠡᠷᠦᠬᠡ  ᠨᠠᠮᠢᠷ᠎ᠠ᠄      ᠡᠨᠡ ᠤᠳᠠᠭᠠᠨ ᠤ ᠠᠵᠢᠯᠯᠠᠭ᠎ᠠ ᠨᠢ ᠪᠢᠳᠡᠨ ᠳᠤ ᠮᠠᠰᠢ ᠣᠯᠠᠨ ᠠᠰᠢᠭᠲᠠᠢ ᠲᠥᠷᠥ   ᠶᠢᠨ ᠪᠣᠳᠣᠯᠭ᠎ᠠ   ᠶᠢ ᠤᠬᠠᠭᠤᠯᠵᠤ ᠥᠭᠴᠡᠢ᠂ ᠡᠨᠡ ᠨᠢ ᠮᠠᠨ ᠤ ᠲᠤᠬᠠᠢ   ᠶᠢᠨ ᠭᠠᠵᠠᠷ ᠤᠨ ᠬᠥᠮᠥᠨ ᠪᠤᠯᠤᠨ ᠬᠤᠪᠢ   ᠶᠢᠨ  ᠡᠵᠡᠭᠨᠡᠯᠳᠡ ᠶᠢᠨ ᠡᠷᠦᠬᠡ ᠳᠤ ᠠᠪᠴᠤ ᠬᠡᠯᠡᠪᠡᠯ ᠲᠤᠶᠢᠯ ᠤᠨ ᠰᠠᠶᠢᠨ ᠲᠣᠬᠢᠶᠠᠯ ᠪᠣᠯᠣᠨ᠎ᠠ᠃ ᠡᠭᠦᠨ ᠠᠴᠠ ᠬᠤᠶᠢᠰᠢ ᠳᠡᠯᠭᠡᠭᠦᠷ ᠨᠡᠭᠡᠭᠡᠬᠦ ᠪᠤᠶᠤ ᠠᠷᠠᠯᠵᠢᠶ᠎ᠠ ᠮᠠᠶᠢᠮᠠᠢ ᠬᠢᠬᠦ ᠲᠠᠯ᠎ᠠ ᠪᠠᠷ ᠬᠤᠯᠪᠣᠭᠳᠠᠯ ᠪᠦᠬᠦᠢ  ᠪᠠᠶᠢᠭᠤᠯᠭ᠎ᠠ ᠲᠠᠢ ᠢᠳᠡᠪᠬᠢᠲᠡᠢ ᠬᠠᠷᠢᠯᠴᠠᠵᠤ᠂ ᠡᠶᠢᠮᠦᠷᠬᠦ ᠠᠵᠢᠯᠯᠠᠭ᠎ᠠ ᠶᠢ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ᠂ ᠡᠨᠡ ᠨᠢ ᠪᠢᠳᠡᠨ ᠤ ᠰᠤᠷᠤᠯᠴᠠᠬᠤ ᠳᠤ ᠠᠰᠢᠭᠲᠠᠢ ᠪᠥᠭᠡᠳ   ᠪᠢᠳᠡᠨ ᠳᠤ ᠬᠠᠪᠰᠤᠷᠤᠯᠭ᠎ᠠ ᠦᠵᠡᠭᠦᠯᠵᠠᠢ ᠭᠡᠯ᠎ᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号