ᠤᠷᠴᠢᠭᠤᠯᠤᠭᠴᠢ᠄ ᠪᠦᠷᠢᠩᠭᠤᠸ᠎ᠠ | ᠤᠳᠤᠷᠢᠳᠬᠠᠯ ᠄ | 11 ᠰᠠᠷ᠎ᠠ ᠶᠢᠨ 22 ᠤᠨ ᠡᠳᠦᠷ᠂ ︽ᠨᠠᠮ ᠤᠨ ᠠᠴᠢ ᠳᠤ ᠳᠠᠯᠠᠷᠬᠠᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ ︾ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ | ᠬᠤᠳᠠ ᠶᠢᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠲᠤ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠡᠢ᠃ | ᠳᠠᠶᠢᠯᠪᠤᠷᠢ᠄ | ᠮᠡᠳᠡᠭᠦᠯᠦᠯᠲᠡ ᠶᠢᠨ ᠬᠤᠷᠠᠯ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠹᠸᠡᠭ ᠢ ᠹᠠᠨ ︽ | ᠨᠠᠮ ᠤᠨ ᠠᠴᠢ ᠳᠤ ᠳᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ ᠤᠷᠤᠠᠠᠰᠢᠯᠠᠬᠤ ᠂ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ ︽ᠲᠠᠪᠤᠨ ᠥᠭᠦᠯᠡᠪᠦᠷᠢ | ︾ ᠶᠢᠨ ᠪᠣᠳᠠᠲᠤ ᠶᠠᠪᠤᠳᠠᠯ ᠪᠤᠯᠤᠨ ᠶᠣᠰᠣ ᠤᠴᠢᠷ ᠢ ᠭᠦᠨᠵᠡᠭᠡᠢ ᠣᠶᠢᠯᠠᠭᠠᠬᠤ᠂ ᠶᠡᠷᠦᠩᠬᠡᠢ ᠱᠦᠵᠢ ᠰᠢ ᠶᠢᠨ ᠫᠢᠩ | ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠬᠤ᠂ | ᠭᠦᠨᠵᠡᠭᠡᠢ ᠰᠤᠷᠤᠯᠴᠠᠨ ᠣᠶᠢᠯᠠᠭᠠᠬᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠪᠦᠬᠦ ᠲᠠᠯ᠎ᠠ ᠪᠠᠷ | ᠣᠨᠣᠪᠴᠢᠲᠠᠢ ᠡᠵᠡᠮᠰᠢᠬᠦ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠠᠨ ᠪᠠᠷ | ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ | ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ ᠵᠤᠶᠢᠯ ᠵᠤᠷᠪᠤᠰ ᠨᠢ ᠲᠤᠳᠤᠷᠬᠠᠢ᠂ | ᠠᠭᠤᠯᠤᠭᠳᠠᠬᠤᠨ ᠨᠢ ᠭᠦᠨᠵᠡᠭᠡᠢ ᠪᠠᠶᠢᠵᠤ᠂ ᠤᠯᠤᠰ ᠲᠦᠷᠦ ᠶᠢᠨ ᠥᠨᠳᠥᠷᠴᠡ ᠲᠠᠢ᠂ ᠤᠨᠤᠯ ᠤᠨ ᠬᠦᠨᠴᠡ ᠲᠠᠢ | ᠮᠥᠷᠲᠡᠭᠡᠨ ᠪᠠᠰᠠ ᠰᠡᠳᠬᠢᠴᠡ ᠬᠦᠨᠵᠡᠭᠡᠢ᠂ ᠦᠵᠡᠶᠢᠥ ᠰᠠᠨᠠᠭ᠎ᠠ ᠦᠷᠭᠡᠨ᠃ ᠪᠦᠬᠦ ᠺᠠᠳ᠋ᠷ ᠴᠠᠭᠳᠠᠭ᠎ᠠ ᠨᠠᠷ | ᠰᠤᠨᠤᠰᠬᠤ ᠶᠢᠨ ᠲᠠᠭᠤ ᠤᠶᠢᠯᠭᠠᠵᠦ ᠰᠤᠷᠤᠯᠴᠠᠬᠤ ᠶᠢᠨ ᠲᠠᠭᠤ ᠰᠡᠳᠬᠢᠨ ᠪᠣᠳᠣᠯᠬᠢᠯᠠᠵᠤ᠂ ᠤᠯᠠᠨ ᠢᠶᠠᠷ ᠢᠶᠠᠨ ᠡᠨᠡ | ᠪᠣᠯ ᠨᠢᠭᠡᠨ ᠤᠳᠠᠭᠠᠨ ᠤ ᠭᠦᠨ ᠭᠦᠨᠵᠡᠭᠡᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠪᠣᠯᠣᠨ᠎ᠠ ᠭᠡᠵᠦ | ᠢᠯᠡᠳᠬᠡᠵᠡᠭᠡᠪᠡ᠃ | ᠰᠣᠷᠪᠣᠯᠵᠢᠯᠠᠭ᠎ᠠ᠄ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠲᠣᠪᠴᠢᠶᠠᠨ ᠤ ᠺᠠᠳ᠋ᠷ ᠴᠠᠭᠳᠠᠭ᠎ᠠ | ᠯᠥᠸᠧ ᠱᠦ ᠳ᠋ᠢᠩ | ᠤᠬᠠᠭᠤᠯᠤᠨᠲ᠋ᠠᠶᠢᠯᠪᠤᠷᠢᠯᠠᠯᠳᠠ ᠶᠢ ᠰᠣᠨᠣᠰᠤᠭᠰᠠᠨ ᠤ ᠳᠠᠷᠠᠭ᠎ᠠ ᠪᠢ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ | ᠪᠣᠯᠤᠭᠰᠠᠨ ᠤ ᠬᠤᠪᠢ ᠳᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠬᠠᠷᠢᠭᠤᠯᠠᠨ ᠡᠷᠡᠯᠬᠡᠭᠯᠡᠨ | ᠤᠷᠤᠭᠰᠢᠯᠠᠵᠤ᠂ ᠥᠪᠡᠷ ᠤᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠨᠠᠮ ᠤᠨ | ᠠᠴᠢ ᠲᠤᠰᠠ ᠶᠢ ᠴᠠᠭ ᠢᠮᠠᠭᠲᠠ ᠮᠠᠷᠲᠠᠵᠤ ᠪᠣᠯᠬᠤ ᠦᠭᠡᠢ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠭᠤᠶᠢᠪᠢᠰᠢ ᠦᠭᠡᠢ ᠳᠠᠭᠠᠵᠤ᠂ ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠭᠡᠳᠡᠭ ᠢ ᠮᠡᠳᠡᠷᠡᠵᠡᠢ ᠭᠡᠯᠡ᠃ | |