ᠬᠠᠭᠤᠴᠢᠨ ᠰᠠᠭᠤᠭᠠᠯᠢ  ᠲᠣᠭᠤᠷᠢᠭ  ᠢ ᠵᠠᠰᠠᠨ ᠦᠭᠡᠷᠡᠴᠢᠯᠡᠵᠦ ᠰᠠᠭᠤᠭᠠᠯᠢ ᠠᠷᠠᠳ ᠲᠤ ᠲᠠᠭᠠᠯᠠᠮᠵᠢᠳᠠᠢ ᠨᠦᠬᠦᠴᠡᠯ ᠬᠠᠩᠭᠠᠠᠠᠰᠡᠨ
ᠨᠡᠶᠢᠲᠡᠯᠡᠭᠰᠡᠨ ᠴᠠᠭ᠄
2023/11/30
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        ᠣᠳᠣᠬᠠᠨ ᠳᠤ᠂ ᠮᠠᠨ ᠤ ᠬᠤᠳᠠ ᠶᠢᠨ ᠬᠠᠭᠤᠴᠢᠨ ᠰᠠᠭᠤᠭᠠᠯᠢ  ᠲᠣᠭᠤᠷᠢᠭ   ᠰᠢᠨ᠎ᠡ  ᠲᠦᠷᠢ ᠲᠦᠷᠬᠦ   ᠲᠠᠢ ᠪᠤᠯᠵᠦ᠂ ︽ᠬᠠᠭᠤᠴᠢᠨ ᠰᠠᠭᠤᠭᠠᠯᠢ ᠠᠷᠠᠳ︾ ᠴᠤ ᠪᠠᠭ᠎ᠠ ᠰᠠᠭ᠎ᠠ ᠬᠤᠪᠢᠷᠠᠯᠲᠠ ᠶᠢᠨ ᠳᠤᠮᠳᠠ ︽ᠰᠢᠨ᠎ᠡ ᠠᠮᠢᠳᠤᠷᠠᠯ︾  ᠢ ᠡᠳ᠋ᠯᠡᠵᠦ ᠪᠠᠶᠢᠨ᠎ᠠ᠃  ᠲᠠᠶᠢᠯᠪᠦᠷᠢ᠄       ᠬᠤᠳᠠ ᠶᠢᠨ ᠨᠠᠮ ‍ᠤᠨ‌ᠬᠤᠷᠢᠶᠠᠨ ᠤ  ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ  ᠬᠠᠭᠤᠴᠢᠨ ᠡᠷᠡᠭᠦᠯ ᠬᠠᠮᠠᠭᠠᠯᠠᠯ  ᠤᠨ  ᠰᠠᠭᠤᠭᠠᠯᠢ ᠲᠣᠭᠤᠷᠢᠭ ᠢ  ᠲᠠᠭᠠᠭᠠᠴᠢᠯᠠᠨ ᠬᠠᠷᠢᠭᠤᠴᠬᠠᠰᠡᠨ ᠤ ᠳᠠᠷᠠᠭ᠎ᠠ᠂  ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ᠂ ᠵᠣᠯ ᠵᠢᠷᠭᠠᠯᠲᠤ ᠲᠥᠷᠥᠭᠳᠡᠯ ᠢ ᠭᠡᠷ ᠤᠨ ᠡᠭᠦᠳᠡᠨ  ᠳᠤᠨᠢ ᠬᠦᠷᠭᠡᠵᠠᠢ  ᠃ 11 ᠰᠠᠷ᠎ᠠ   ᠶᠢᠨ 15 ᠤ ᠡᠳᠦᠷ᠂ ᠨᠢᠭᠡᠨ ᠣᠨᠴᠠᠭᠠᠶ ︽ᠰᠣᠯᠢᠯᠴᠠᠭᠠᠨ ᠤ ᠬᠤᠷᠠᠯ︾ ᠬᠠᠭᠤᠴᠢᠨ ᠡᠷᠡᠭᠦᠯ ᠬᠠᠮᠠᠭᠠᠯᠠᠯ  ᠤᠨ ᠰᠠᠭᠤᠭᠠᠯᠢ ᠲᠤᠭᠤᠷᠢᠭ ᠤᠨ ᠰᠠᠭᠤᠭᠠᠯᠢ ᠠᠷᠠᠳ ᠬᠤᠸᠠᠩ   ᠱᠤ᠋ ᠶᠠᠨ ᠤ ᠭᠡᠷ ᠲᠤ  ᠬᠤᠷᠠᠯᠳᠤᠵᠦ᠂  ᠬᠤᠷᠠᠯ ᠳᠤ ᠤᠷᠤᠯᠴᠬᠠᠰᠠᠳ ᠰᠠᠭᠤᠭᠠᠯᠢ ᠲᠤᠭᠤᠷᠢᠭ ᠤᠨ ᠥᠭᠡᠷᠡᠴᠢᠯᠡᠯᠲᠡ   ᠶᠢᠨ ᠲᠤᠬᠠᠢ  ᠮᠬᠠᠳᠠᠨ ᠶᠠᠷᠢᠵᠦ  ᠬᠠᠨᠤᠮᠵᠢᠳᠠᠢ ᠪᠠᠶᠢᠬᠤ ᠰᠡᠳᠬᠢᠯᠭᠡ ᠪᠠᠨ ᠢᠯᠡᠳᠬᠡᠵᠠᠢ  ᠃              ᠰᠠᠭᠤᠭᠠᠯᠢ ᠠᠷᠠᠳ᠄       ᠤᠤᠯ ᠨᠢ ᠮᠠᠨ ᠤ ᠭᠡᠷ ᠤᠨ ᠪᠤᠵᠠᠷ ᠤᠰᠤᠨ  ᠤ ᠬᠤᠭᠤᠯᠠᠢ ᠪᠠᠶᠢᠩᠭᠤ  ᠪᠦᠭᠯᠡᠷᠡᠳᠡᠭ ᠪᠠᠶᠢᠠᠠᠰᠡᠨ ᠪᠠᠶᠢᠭᠰᠠᠨ᠂  ᠰᠢᠨ᠎ᠡ ᠪᠠᠷ ᠰᠤᠯᠢᠠᠠᠰᠡᠨ ᠤ ᠲᠠᠷᠠᠭ᠎ᠠ  ᠠᠳᠠᠯᠢ ᠦᠭᠡᠢ  ᠪᠤᠯᠤᠠᠠᠰᠡᠨ᠂  ᠰᠠᠨᠠᠭ᠎ᠠ ᠠᠮᠤᠷ  ᠪᠣᠯᠵᠠᠢ᠃        ᠰᠠᠭᠤᠭᠠᠯᠢ ᠠᠷᠠᠳ  ᠬᠤᠸᠠᠩ   ᠱᠤ᠋ ᠶᠠᠨ᠄      ᠪᠢ  ᠡᠨᠡ ᠰᠠᠭᠤᠭᠠᠯᠢ  ᠲᠤᠭᠤᠷᠢᠭ ᠲᠤ   ᠪᠢ 5 ᠵᠢᠯ  ᠰᠠᠭᠤᠵᠦ ᠪᠠᠶᠢᠨ᠎ᠠ᠂  ᠮᠠᠨ ᠤ ᠰᠠᠭᠤᠭᠠᠯᠢ  ᠲᠣᠭᠤᠷᠢᠭ ᠦᠨᠡᠨᠬᠦ  ᠬᠠᠭᠤᠴᠢᠷᠬᠠᠰᠡᠨ ᠪᠠᠶᠢᠠᠠᠰᠡᠨ᠂ ᠤᠳᠤ ᠵᠠᠰᠠᠨ ᠦᠭᠡᠷᠡᠴᠢᠯᠡᠭᠡᠳ ᠠᠳᠠᠯᠢ ᠦᠭᠡᠢ ᠪᠣᠯᠵᠠᠢ᠂ ᠳᠠᠭᠠᠭᠠᠴᠢᠯᠠᠨ  ᠬᠠᠷᠢᠭᠤᠴᠠᠬᠤ ᠪᠠᠶᠢᠭᠤᠯᠭ᠎ᠠ ᠳᠤ ᠲᠠᠯᠠᠷᠬᠠᠵᠤ ᠪᠠᠶᠢᠨ᠎ᠠ  ᠃      ᠬᠠᠭᠤᠴᠢᠨ ᠡᠷᠡᠭᠦᠯ ᠬᠠᠮᠠᠭᠠᠯᠠᠯ  ᠤᠨ ᠰᠠᠭᠤᠭᠠᠯᠢ ᠲᠤᠭᠤᠷᠢᠭ  ᠢ ᠶᠡᠷᠡᠭᠡᠳ ᠣᠨ ᠤ ᠡᠬᠢ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠣᠯᠠᠩᠬᠢ ᠨᠢ ᠨᠠᠰᠤᠲᠠᠶᠢᠴᠤᠳ ᠪᠠᠶᠢᠪᠠ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠰᠠᠭᠤᠭᠠᠯᠢ  ᠲᠣᠭᠤᠷᠢᠭ ᠤᠨ ᠭᠠᠵᠠᠷ ᠨᠢ ᠲᠡᠭᠰᠢ ᠦᠭᠡᠢ᠂   ᠤᠰᠤᠨ ᠬᠤᠭᠤᠯᠠᠢ᠂ ᠳᠤᠯᠠᠭᠠᠮᠵᠢ ᠶᠢᠨ ᠬᠤᠭᠤᠯᠠᠢ  ᠨᠢ ᠬᠠᠭᠤᠴᠢᠷᠠᠵᠤ᠂ ᠰᠠᠭᠤᠭᠠᠯᠢ ᠠᠷᠠᠳ ᠤᠨ ᠠᠮᠢᠳᠤᠷᠠᠯ  ᠳᠤ ᠨᠦᠯᠦᠭᠡ ᠤᠴᠠᠷᠠᠭᠤᠯᠵᠦ ᠪᠠᠶᠢᠠᠠᠰᠡᠨ᠂ ᠭᠡᠪᠡᠴᠦ ᠡᠨᠡ ᠪᠦᠬᠦᠨ ᠨᠢ ᠨᠢᠭᠡᠨᠲᠡ ᠥᠩᠭᠡᠷᠡᠭᠰᠡᠨ ᠤ ᠮᠠᠶ᠋ᠢᠭ ᠤᠨ ᠪᠣᠯᠤᠭᠰᠠᠨ ᠪᠠᠶᠢᠨ᠎ᠠ᠃            ᠣᠶᠢᠷ᠎ᠠ   ᠶᠢᠨ ᠵᠢᠯ ᠠᠴᠠ  ᠨᠠᠭᠠᠰᠢ᠂ ᠬᠤᠲᠠ   ᠶᠢᠨ ᠨᠠᠮ ᠤᠨ ᠬᠤᠷᠢᠶᠠᠨ ᠤ  ᠤᠯᠤᠰ ᠤᠨ ᠠᠮᠤᠷ ᠲᠦᠪᠰᠢᠨ ᠤ  ᠵᠦᠪᠯᠡᠯ ᠤᠨ ᠠᠯᠪᠠᠨ ᠭᠡᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠷᠮᠠᠶᠢᠯᠭ᠎ᠠ ᠳᠣᠣᠷ᠎ᠠ ᠂ ᠣᠳᠣ   ᠶᠢᠨ ᠰᠠᠭᠤᠭᠠᠯᠢ  ᠲᠣᠭᠤᠷᠢᠭ ᠤᠨ ᠭᠠᠵᠠᠷ ᠤᠨ ᠭᠠᠳᠠᠷᠭᠤ ᠨᠢ   ᠲᠡᠷᠢ ᠲᠡᠭᠰᠢ᠂ ᠬᠢᠨᠠᠨ ᠡᠵᠡᠮᠳᠡᠬᠦ ᠲᠥᠬᠦᠭᠡᠷᠦᠮᠵᠢ ᠨᠢ ᠪᠦᠷᠢᠨ ᠭᠦᠢᠴᠡᠳ᠂ ᠠᠰᠠᠷ ᠤᠨ ᠬᠤᠩᠭᠢᠯ ᠨᠢ ᠴᠡᠪᠡᠷ ᠲᠡᠭᠰᠢ᠂ ᠪᠠᠰᠠ ᠭᠠᠯ  ᠤᠨᠳᠠᠷᠭᠠᠬᠤ ᠲᠦᠬᠦᠭᠡᠷᠦᠮᠵᠢ᠂ ᠬᠠᠷᠰᠢ ᠰᠠᠭᠠᠳ ᠦᠭᠡᠢ ᠲᠦᠰᠢᠭᠦᠷ   ᠢ ᠲᠠᠭᠠᠷᠠᠭᠤᠯᠤᠭᠰᠠᠨ ᠪᠠᠶᠢᠨ᠎ᠠ᠃  ᠰᠠᠭᠤᠭᠠᠯᠢ ᠠᠷᠠᠳ ᠤᠨ ᠲᠣᠭᠤᠷᠢᠭ ᠲᠤ ᠰᠤᠯᠠ ᠰᠡᠯᠡᠭᠦᠦ ᠠᠯᠬᠤᠯᠠᠵᠤ᠂  ᠬᠦᠷᠰᠢ  ᠰᠠᠭᠠᠬᠠᠯᠳᠠ ᠶᠢᠨ ᠬᠢᠨ ᠲᠠᠢ ᠪᠠᠨ ᠪᠠᠶᠠᠷ ᠬᠦᠷ ᠲᠠᠢ ᠪᠠᠷ ᠵᠣᠭᠤᠭᠳᠠᠵᠤ᠂ ᠵᠣᠯ ᠵᠢᠷᠭᠠᠯᠲᠤ ᠠᠮᠢᠳᠤᠷᠠᠯ  ᠢᠶᠠᠷ ᠪᠢᠯᠬᠠᠨ᠎ᠠ᠃          ᠣᠶᠢᠯᠠᠭᠠᠭᠰᠠᠨ ᠢᠶᠠᠷ᠂ ᠬᠤᠶᠢᠰᠢᠳᠠ᠂ ᠬᠤᠲᠠ ᠶᠢᠨ ᠨᠠᠮ ᠤᠨ ᠬᠤᠷᠢᠶᠠᠨ ᠤ  ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠪᠠᠰᠠ ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ  ᠶᠢ ᠲᠠᠰᠤᠷᠠᠯᠲᠠ ᠦᠭᠡᠢ ᠨᠥᠬᠦᠪᠦᠷᠢᠯᠡᠵᠦ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠰᠠᠭᠤᠭᠠᠯᠢ  ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ  ᠲᠡᠭᠡᠭᠰᠢᠯᠡᠬᠦᠯᠬᠦ ᠪᠤᠯᠤᠨ᠎ᠠ  ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号