ᠢᠳᠡᠭᠡᠨ ᠤ  ᠵᠤᠶᠢᠯ ᠤᠨ ᠠᠮᠤᠷ ᠲᠦᠪᠰᠢᠨ ᠢ ᠴᠢᠩᠭᠠᠳᠬᠠᠠᠠᠰᠡᠨ
ᠨᠡᠶᠢᠲᠡᠯᠡᠭᠰᠡᠨ ᠴᠠᠭ᠄
2023/11/30
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄      ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ  ᠴᠢᠯᠦᠭᠡᠳᠦ ᠳᠡᠯᠭᠡᠭᠦᠷ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠵᠢᠵᠢᠭ  ᠤᠶᠢᠯᠡᠪᠦᠷᠢ ᠳᠤ ᠢᠳᠡᠭᠡᠨ ᠤ ᠵᠤᠶᠢᠯ ᠤᠨ  ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠵᠦ᠂ ᠤᠯᠤᠰ ᠤᠨ ᠢᠳᠡᠭᠡᠨ ᠤ ᠵᠤᠶᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ  ᠪᠤᠳᠠᠳᠠᠶᠢᠵᠢᠭᠤᠯᠤᠨ ᠠᠬᠢᠭᠤᠯᠪᠠ᠃ ᠲᠠᠶᠢᠯᠪᠦᠷᠢ᠄        ᠪᠠᠶᠢᠴᠠᠭᠠᠯᠲᠠ ᠳᠤᠮᠳᠠ᠂ ᠠᠵᠢᠯᠲᠠᠳ  ᠲᠠᠯᠠᠪᠤᠷ ᠭᠠᠵᠠᠷ ᠤᠨ ᠦᠨᠡᠮᠯᠡᠯ  ᠪᠦᠷᠢᠨ ᠭᠦᠢᠴᠡᠳ ᠪᠠᠶᠢᠬᠤ ᠡᠰᠡᠬᠦ  ᠂ ᠢᠯᠡ ᠭᠡᠷᠡᠴᠢ ᠪᠠᠷ ᠡᠵᠡᠩᠨᠡᠵᠦ ᠪᠠᠶᠢᠬᠤ ᠡᠰᠡᠬᠦ᠂ ᠣᠷᠴᠢᠨ  ᠲᠤᠭᠤᠷᠢᠨ ᠤ ᠡᠷᠡᠭᠦᠯ ᠬᠠᠮᠠᠭᠠᠯᠠᠯ  ᠪᠠᠷᠢᠮᠵᠢᠶ᠎ᠠ ᠳᠤ ᠬᠦᠷᠦᠭᠰᠡᠨ ᠡᠰᠡᠬᠦ᠂ ᠭᠡᠷᠡᠴᠢ ᠪᠠᠷᠢᠮᠲᠠ ᠠᠪᠬᠤ ᠨᠢ ᠪᠦᠷᠢᠨ ᠭᠦᠢᠴᠡᠳ ᠪᠠᠶᠢᠬᠤ ᠡᠰᠡᠬᠦ᠂ ᠪᠣᠭᠤᠳᠠᠯ ᠪᠠᠭᠯᠠᠭ᠎ᠠ ᠪᠠ ᠱᠣᠰᠢᠭ᠎ᠠ ᠲᠡᠮᠳᠡᠭ ᠤᠨ ᠬᠡᠷᠡᠭᠯᠡᠯᠲᠡ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ   ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ᠂ ᠢᠳᠡᠭᠡᠨ ᠤ ᠵᠤᠶᠢᠯ ᠤᠨ ᠠᠮᠤᠷ ᠲᠦᠪᠰᠢᠨ ᠤ ᠳᠦᠷᠢᠮ ᠪᠦᠷᠢᠨ ᠲᠡᠭᠦᠯᠳᠡᠷ ᠪᠠᠶᠢᠬᠤ ᠡᠰᠡᠬᠦ  ᠳᠤ ᠪᠠᠶᠢᠴᠠᠭᠠᠯᠲᠠ ᠬᠢᠭᠰᠡᠨ  ᠤ ᠬᠠᠮᠳᠦ ᠬᠤᠯᠪᠣᠭᠳᠠᠯ ᠪᠦᠬᠦᠢ ᠬᠠᠷᠢᠭᠤᠴᠠᠯᠭᠠᠲᠠᠨ  ᠤ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠢᠳᠡᠭᠡᠨ ᠤ ᠵᠤᠶᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠵᠤᠶᠢᠯ ᠤᠨ  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢ  ᠱᠠᠭᠠᠷᠳᠠᠵᠠᠢ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠡᠳ᠋ ᠳᠠᠷᠤᠭ᠎ᠠ ᠦ᠋ ᠮᠧᠶ ᠯᠠᠨ  ᠄        ᠲᠠᠷᠠᠭᠠᠴᠢ ᠶᠢᠨ ᠠᠯᠬᠤᠮ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ  ᠰᠠᠶᠢᠲᠤᠷ ᠬᠢᠵᠦ  ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ  ᠨᠢᠭᠡᠴᠢ ᠶᠢᠨ ᠬᠠᠷᠢᠴᠠᠭᠤᠯᠭ᠎ᠠ ᠶᠢ ᠴᠢᠩᠭᠠᠳᠬᠠᠨ᠎ᠠ᠃              ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠪᠠᠶᠢᠴᠠᠭᠠᠯᠳᠠ ᠶᠢ ᠴᠢᠩᠭᠠᠳᠬᠠᠬᠤ ᠵᠠᠷᠴᠢᠮ ᠶᠣᠰᠣᠭᠠᠷ᠂ ᠬᠠᠷᠢᠶᠠᠲᠤ ᠣᠷᠣᠨ ᠤ ᠡᠯ᠎ᠡ ᠡᠵᠡᠩᠨᠡᠯᠲᠡ ᠶᠢᠨ ᠲᠠᠯᠠᠪᠤᠷ ᠤᠨ ᠵᠢᠷᠤᠮᠵᠢᠭᠰᠠᠨ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠠᠮᠤᠷ ᠲᠦᠪᠰᠢᠨ᠂ ᠦᠨᠡᠨᠴᠢ ᠢᠲᠡᠭᠡᠮᠵᠢᠲᠡᠢ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ  ᠪᠣᠶ ᠪᠣᠯᠭᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ  ᠪᠠᠳᠤᠯᠠᠬᠤ ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号