《ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠬᠤᠯᠤᠭᠠᠨ᠎ᠠ ᠶᠢᠨ ᠬᠢᠵᠢᠭ ᠤᠨ ᠬᠤᠣᠷ ᠬᠥᠨᠥᠭᠡᠯ ᠢ ᠠᠷᠢᠯᠭᠠᠨ᠎ᠠ》
ᠨᠡᠶᠢᠲᠡᠯᠡᠭᠰᠡᠨ ᠴᠠᠭ᠄
2023/11/30
ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠠᠰᠠᠭᠤᠯᠲᠠ ᠬᠠᠷᠢᠭᠤᠯᠲᠠ              ︵ᠬᠠᠷᠢᠭᠤᠯᠲᠠ  ᠶᠢ ᠳᠠᠭᠠᠯᠳᠤᠭᠤᠯᠪᠠ︶ ᠨᠢᠭᠡ · ᠭᠠᠭᠴᠠ ᠬᠠᠷᠢᠭᠤᠯᠳᠡ ᠰᠣᠩᠭᠤᠬᠤ ᠰᠡᠳᠦᠪ 1. ᠮᠠᠨ ᠤ ᠤᠯᠤᠰ ᠤᠨ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ︵   ︶ ᠲᠣᠷᠤᠯ ᠤᠨ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠳᠤ ᠣᠷᠣᠭᠤᠯᠪᠠ᠃ A. ᠬᠥᠬᠡ B. ᠬᠥᠬᠡᠭᠴᠢᠨ C. ᠤᠯᠠᠭᠠᠨ ᠬᠠᠷᠢᠭᠤᠯᠲᠠ᠄ A 2. ᠬᠤᠯᠤᠭᠠᠨ᠎ᠠ ᠶᠢᠨ ᠬᠢᠵᠢᠭ ᠨᠢ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ ᠡᠪᠡᠳᠴᠢᠨ ᠢᠶᠠᠷ ᠦᠬᠦᠬᠦ ᠨᠤᠷᠮ᠎ᠠ ︵   ︶᠃ A.ᠥᠨᠳᠥᠷ B. ᠳᠣᠣᠷ᠎ᠠ C. ᠡᠩ ᠤᠨ ᠬᠠᠷᠢᠭᠤᠯᠲᠠ᠄ A 3. ᠬᠤᠯᠤᠭᠠᠨ᠎ᠠ ᠶᠢᠨ ᠬᠢᠵᠢᠭ ᠪᠣᠯ  ︵   ︶ ᠠᠴᠠ ᠡᠭᠦᠰᠦᠭᠰᠡᠨ ᠨᠢᠭᠡ ᠵᠦᠢᠯ ᠤᠨ ᠲᠤᠭᠰᠢᠨ ᠴᠢᠨᠠᠷᠲᠠᠢ ᠬᠠᠯᠳᠠᠪᠤᠷᠢᠲᠤ ᠡᠪᠡᠳᠴᠢᠨ ᠮᠥᠨ᠃ A. ᠬᠤᠯᠤᠭᠠᠨ᠎ᠠ ᠬᠢᠵᠢᠭ ᠤᠨ ᠰᠠᠪᠬᠠᠨᠴᠢᠷ ᠪᠠᠺᠲ᠋ᠧᠷᠢ B. ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ C. ᠠᠯᠲᠠᠨ ᠰᠢᠷᠭᠠᠯ ᠦᠵᠦᠮᠯᠢᠭ ᠪᠦᠮᠪᠦᠭᠡᠨᠴᠢᠷ ᠪᠠᠺᠲ᠋ᠧᠷᠢ D. ᠠᠭᠤᠰᠬᠢᠨ ᠦᠷᠪᠢᠰᠦᠯ ᠤᠨ ᠰᠠᠪᠬᠠᠨᠴᠢᠷ ᠪᠠᠺᠲ᠋ᠧᠷᠢ ᠬᠠᠷᠢᠭᠤᠯᠲᠠ᠄ A 4. ᠬᠤᠯᠤᠭᠠᠨ᠎ᠠ   ᠶᠢᠨ ᠬᠢᠵᠢᠭ   ᠢ ᠵᠠᠰᠠᠬᠤ ᠳᠤ ᠬᠠᠮᠤᠭ ᠤᠨ ᠲᠡᠷᠢᠭᠦᠨ ᠳᠤ ᠬᠡᠷᠡᠭᠯᠡᠬᠦ ᠣᠨᠴᠠ ᠲᠤᠰᠠᠲᠠᠢ ᠡᠮ ᠪᠣᠯ  ︵   ︶  ᠪᠣᠯᠣᠨ᠎ᠠ᠃ A. ᠬᠦᠭᠡ ᠬᠦᠭᠡᠴᠦB. ᠬᠡᠯᠬᠢᠶ᠎ᠡ ᠬᠦᠭᠡᠴᠦ C. ᠲᠧᠲ ᠸᠢᠨᠽᠢᠺᠯᠢᠨ ᠬᠠᠷᠢᠭᠤᠯᠲᠠ᠄ B 5. ᠬᠤᠯᠤᠭᠠᠨ᠎ᠠ ᠶᠢᠨ ᠬᠢᠵᠢᠭ ᠭᠡᠳᠡᠭ ᠨᠢ ᠶᠠᠮᠠᠷ ᠡᠪᠡᠳᠴᠢᠨ ᠪᠣᠶ︖  ︵     ︶ A.  ᠵᠥᠪᠬᠡᠨ ᠠᠮᠢᠳᠠᠨ ᠳᠤ ᠲᠤᠰᠳᠠᠭ ᠨᠢᠭᠡ ᠵᠦᠢᠯ ᠤᠨ ᠬᠠᠯᠳᠠᠪᠤᠷᠢᠲᠤ ᠡᠪᠡᠳᠴᠢᠨ B. ᠬᠥᠮᠥᠨ ᠪᠠ ᠠᠮᠢᠲᠠᠨ ᠳᠤ ᠪᠦᠷ ᠲᠤᠰᠳᠠᠭ ᠨᠢᠭᠡ ᠵᠦᠢᠯ ᠤᠨ ᠬᠠᠯᠳᠠᠪᠤᠷᠢᠲᠤ ᠡᠪᠡᠳᠴᠢᠨ C. ᠵᠥᠪᠬᠡᠨ ᠬᠥᠮᠥᠨ ᠳᠤ ᠲᠤᠰᠳᠠᠭ ᠨᠢᠭᠡ ᠵᠦᠢᠯ ᠤᠨ ᠬᠠᠯᠳᠠᠪᠤᠷᠢᠲᠤ ᠡᠪᠡᠳᠴᠢᠨ ᠬᠠᠷᠢᠭᠤᠯᠲᠠ᠄ B 6. ᠬᠤᠯᠤᠭᠠᠨ᠎ᠠ   ᠶᠢᠨ ᠬᠢᠵᠢᠭ ᠨᠢ ᠬᠠᠯᠳᠠᠪᠤᠷᠢᠯᠠᠳᠠᠭ ᠤᠤ︖ ᡼  ︵   ︶A᠂  ᠬᠠᠯᠳᠠᠪᠤᠷᠢᠯᠠᠬᠤ ᠦᠭᠡᠢ B. ᠬᠠᠯᠳᠠᠪᠤᠷᠢᠯᠠᠨ᠎ᠠC. ᠮᠠᠭᠠᠳ ᠦᠭᠡᠢ ᠬᠠᠷᠢᠭᠤᠯᠲᠠ᠄ B 7. ᠦᠪᠡᠷ ᠢ ᠪᠠᠨ ᠬᠤᠯᠤᠭᠠᠨ᠎ᠠ   ᠶᠢᠨ ᠬᠢᠵᠢᠭ  ᠬᠠᠯᠳᠠᠪᠤᠷᠢᠯᠠᠭᠰᠠᠨ ᠬᠡᠵᠤ ᠰᠡᠵᠢᠭᠯᠡᠵᠦ ᠪᠠᠶᠢᠪᠠᠯ ᠶᠠᠭᠠᠬᠢᠬᠤ ᠪᠤᠶ  ︖᡼  ︵   ︶A. ᠳᠠᠷᠤᠶᠢᠬᠠᠨ ᠡᠮᠴᠢᠯᠡᠭᠡᠨ ᠤ ᠬᠢᠷᠢ ᠲᠦᠪᠰᠢᠨ ᠨᠡᠯᠢᠶᠡᠳ ᠥᠨᠳᠥᠷ ᠲᠣᠮᠣ ᠡᠮᠨᠡᠯᠭᠡ   ᠶᠢᠨ ᠬᠤᠷᠢᠶᠠᠨ ᠳᠤ ᠬᠦᠷᠴᠦ ᠡᠮᠴᠢᠯᠡᠭᠦᠯᠦᠨ᠎ᠡ᠃ B.  ᠬᠦᠳᠡᠯᠭᠡᠭᠡᠨ ᠤ ᠬᠡᠪᠴᠢᠶ᠎ᠡ   ᠪᠠᠨ ᠬᠢᠵᠠᠭᠠᠷᠯᠠᠵᠤ᠂ ᠪᠤᠰᠤᠳ ᠲᠠᠢ ᠣᠶᠢᠷᠠᠳᠬᠤ ᠠᠴᠠ ᠵᠠᠶᠢᠯᠠᠰᠬᠢᠬᠦ ᠶᠢᠨ ᠬᠠᠮᠳᠣ ᠮᠡᠳᠡᠭᠦᠯᠦᠨ᠎ᠡ᠃ C. ᠦᠷᠭᠦᠯᠵᠢ ᠬᠡᠷᠡᠭᠯᠡᠳᠡᠭ ᠨᠢᠶᠠᠨ ᠳᠠᠷᠤᠭᠴᠢ ᠶᠢ ᠤᠤᠭᠤᠪᠠᠯ ᠠᠶᠠᠨᠳᠠᠭᠠᠨ ᠡᠳᠡᠭᠡᠷᠡᠨ᠎ᠡ ᠬᠠᠷᠢᠭᠤᠯᠲᠠ᠄ B 8. ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠠᠯᠪᠠᠨ ᠵᠢᠷᠤᠮ ᠤᠨ ᠮᠡᠳᠡᠭᠦᠯᠦᠭᠴᠢ ᠨᠢ ᠬᠡᠨ ᠪᠤᠶ︖ ᡼ ︵     ︶ A. ᠪᠦᠬᠦ ᠡᠮᠨᠡᠯᠭᠡ   ᠶᠢᠨ ᠠᠵᠢᠯᠲᠠᠨ B. ᠨᠠᠮ ᠵᠠᠰᠠᠭ ᠤᠨ ᠪᠠᠶᠢᠭᠤᠯᠭ᠎ᠠ   ᠶᠢᠨ ᠤᠳᠤᠷᠢᠳᠬᠤ ᠺᠠᠳ᠋ᠷ C. ᠪᠦᠬᠦ ᠡᠷᠬᠡᠲᠦ ᠠᠷᠠᠳ ᠬᠠᠷᠢᠭᠤᠯᠲᠠ᠄ C 9. ᠬᠤᠯᠤᠭᠠᠨ᠎ᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠤ  ︵   ︶ ᠡᠮᠴᠢ ᠶᠢᠨ ᠣᠨᠣᠰᠢᠯᠠᠯᠲᠠ᠂ ᠮᠡᠳᠡᠭᠦᠯᠦᠯᠲᠡ ᠨᠢ ᠲᠤᠶᠢᠯ ᠤᠨ ᠴᠢᠬᠤᠯᠠ ᠪᠠᠶᠢᠵᠤ᠂ ᠬᠢᠵᠢᠭ ᠤᠨ ᠪᠠᠶᠢᠳᠠᠯ ᠤᠨ ᠳᠡᠯᠭᠡᠷᠡᠬᠦ   ᠶᠢ ᠰᠡᠷᠭᠡᠶᠢᠯᠡᠬᠦ ᠳᠤ ᠲᠡᠷᠢᠭᠦᠨ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃ A. ᠡᠭᠦᠳᠡᠨ ᠡᠮᠨᠡᠯᠭᠡ B. ᠠᠩᠬᠠᠨ ᠤ ᠤᠨᠤᠰᠢᠯᠠᠭᠰᠠᠨ C. ᠬᠦᠷᠦᠯᠴᠡᠵᠦ ᠤᠨᠤᠰᠢᠯᠠᠭᠰᠠᠨ D. ᠲᠤᠰᠬᠠᠢ ᠮᠡᠷᠭᠡᠵᠢᠯᠲᠡᠨ ᠬᠠᠷᠢᠭᠤᠯᠲᠠ᠄ B 10.  ᠬᠠᠯᠳᠠᠪᠤᠷᠢᠲᠤ ᠡᠪᠡᠳᠴᠢᠨ ᠤ ᠳᠡᠯᠭᠡᠷᠡᠬᠦ ᠶᠢ ᠪᠤᠢ ᠪᠤᠯᠭᠠᠬᠤ ᠭᠤᠷᠪᠠᠨ ᠵᠠᠩᠭᠢᠯᠠᠭ᠎ᠠ ᠪᠣᠯ ︵   ︶᠃ A. ᠬᠠᠯᠳᠠᠪᠤᠷᠢᠯᠠᠯ ᠤᠨ ᠡᠭᠦᠰᠦᠯ᠂ ᠳᠠᠮᠵᠢᠭᠤᠯᠬᠤ ᠠᠷᠭ᠎ᠠ ᠵᠠᠮ᠂ ᠬᠠᠯᠳᠠᠪᠤᠷᠢᠯᠠᠮᠠᠲᠠᠭᠠᠢ ᠡᠲᠡᠭᠡᠳ B. ᠬᠠᠯᠳᠠᠪᠤᠷᠢᠯᠠᠯ ᠤᠨ ᠡᠭᠦᠰᠦᠯ᠂  ᠬᠠᠯᠳᠠᠪᠤᠷᠢᠯᠠᠯ ᠤᠨ ᠠᠷᠭ᠎ᠠ ᠵᠠᠮ᠂ ᠬᠠᠯᠳᠠᠪᠤᠷᠢᠯᠠᠮᠠᠲᠠᠭᠠᠢ ᠡᠲᠡᠭᠡᠳ C. ᠬᠠᠯᠳᠠᠪᠤᠷᠢᠯᠠᠯ ᠤᠨ ᠡᠭᠦᠰᠦᠯ ᠢᠷᠡᠯᠲᠡ᠂ ᠬᠠᠯᠳᠠᠪᠤᠷᠢᠯᠠᠯ ᠤᠨ ᠠᠷᠭ᠎ᠠ ᠵᠠᠮ᠂ ᠠᠮᠠᠷᠬᠠᠨ ᠬᠠᠯᠳᠠᠪᠤᠷᠢᠯᠠᠭᠳᠠᠬᠤ ᠬᠥᠮᠥᠰ D. ᠬᠠᠯᠳᠠᠪᠤᠷᠢᠯᠠᠯ ᠤᠨ ᠡᠭᠦᠰᠦᠯ᠂ ᠳᠠᠮᠵᠢᠭᠤᠯᠬᠤ ᠠᠷᠭ᠎ᠠ ᠵᠠᠮ᠂ ᠠᠮᠠᠷᠬᠠᠨ ᠬᠠᠯᠳᠠᠪᠤᠷᠢᠯᠠᠭᠳᠠᠬᠤ ᠬᠥᠮᠥᠰ ᠬᠠᠷᠢᠭᠤᠯᠲᠠ᠄ D 11. ᠡᠯ᠎ᠡ ᠵᠦᠢᠯ ᠤᠨ ᠬᠤᠯᠤᠭᠠᠨ᠎ᠠ ᠶᠢᠨ ᠬᠢᠵᠢᠭ ᠤᠨ ᠴᠤᠭᠯᠠᠭᠤᠯᠪᠠᠰᠤ ᠵᠣᠬᠢᠬᠤ ᠪᠠᠶᠢᠴᠠᠭᠠᠭᠳᠠᠬᠤ ᠮᠠᠲ᠋ᠧᠷᠢᠶᠠᠯ ᠪᠣᠯ ︵   ︶ ᠪᠣᠯᠣᠨ᠎ᠠ᠃ A. ᠯᠢᠮᠪᠠ ᠶᠢᠨ ᠵᠠᠩᠭᠢᠯᠠᠭ᠎ᠠ ᠶᠢᠨ ᠨᠡᠪᠲᠡᠯᠡᠬᠦ ᠰᠢᠩᠭᠡᠨ B. ᠪᠠᠭᠠᠰᠤ C. ᠴᠡᠷ D. ᠴᠢᠰᠤ ᠬᠠᠷᠢᠭᠤᠯᠲᠠ᠄ D 12. ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠤᠨ ᠭᠤᠣᠯ ᠡᠮᠴᠢᠯᠡᠭᠡᠨ ᠤ ᠰᠢᠨᠵᠢ ᠲᠡᠮᠳᠡᠭ ᠪᠣᠯ ︵   ︶᠃ A. ᠯᠢᠮᠪᠠ ᠶᠢᠨ ᠵᠠᠩᠭᠢᠯᠠᠭ᠎ᠠ ᠬᠠᠪᠤᠳᠬᠤ B. ᠴᠢᠰᠤ ᠴᠡᠷ ᠢᠶᠠᠷ ᠬᠠᠨᠢᠶᠠᠬᠤ C. ᠪᠦᠬᠦ ᠪᠡᠶ᠎ᠡ ᠬᠦᠨᠳᠦᠷᠡᠨ ᠬᠤᠣᠷᠳᠠᠭᠳᠠᠵᠤ  ᠮᠠᠨᠠᠷᠠᠬᠤ ᠬᠠᠷᠢᠭᠤᠯᠲᠠ᠄ A 13.ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠭᠤᠣᠯ ᠰᠢᠨᠵᠢ ᠲᠡᠮᠳᠡᠭ ᠨᠢ  ︵   ︶᠃ A. ᠯᠢᠮᠪᠠ ᠶᠢᠨ ᠵᠠᠩᠭᠢᠯᠠᠭ᠋ ᠬᠠᠪᠤᠳᠬᠤ B. ᠴᠢᠰᠤ ᠴᠡᠷ ᠢᠶᠠᠷ ᠬᠠᠨᠢᠶᠠᠬᠤ C. ᠪᠦᠬᠦ ᠪᠡᠶ᠎ᠡ ᠬᠦᠨ᠊ᠳ᠋ᠦ᠋ᠷᠡᠨ ᠬᠤᠣᠷᠳᠠᠭᠳᠠᠵᠤ ᠮᠠᠨᠠᠷᠠᠬᠤ ᠬᠠᠷᠢᠭᠤᠯᠲᠠ᠄ B 14. ᠴᠢᠰᠤ ᠦᠵᠢᠷᠡᠬᠦ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠭᠤᠣᠯ ᠰᠢᠨᠵᠢ ᠲᠡᠮᠳᠡᠭ ᠪᠣᠯ  ︵     ︶᠃ A. ᠯᠢᠮᠪᠠ ᠶᠢᠨ ᠵᠠᠩᠭᠢᠯᠠᠭ᠎ᠠ ᠬᠠᠪᠤᠳᠬᠤ B. ᠴᠢᠰᠤ ᠴᠡᠷ ᠢᠶᠠᠷ ᠬᠠᠨᠢᠶᠠᠬᠤ C. ᠪᠦᠬᠦ ᠪᠡᠶ᠎ᠡ ᠬᠦᠨᠳᠦᠷᠡᠨ ᠬᠤᠣᠷᠳᠠᠭᠳᠠᠵᠦ ᠮᠠᠨᠠᠷᠠᠬᠤ ᠬᠠᠷᠢᠭᠤᠯᠲᠠ᠄ C 15. ᠡᠯ᠎ᠡ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠤᠨ ᠳᠣᠲᠣᠷ᠎ᠠ ᠬᠤᠣᠷ ᠬᠥᠨᠥᠭᠡᠯ ᠢᠶᠠᠷ ᠬᠠᠮᠤᠭ ᠤᠨ ᠶᠡᠭᠡ ᠪᠥᠭᠡᠳ ᠲᠠᠷᠬᠠᠬᠤ ᠬᠤᠷᠳᠤᠴᠠ ᠨᠢ ᠬᠠᠮᠤᠭ ᠤᠨ ᠲᠦᠷᠭᠡᠨ ᠪᠠᠶᠢᠳᠠᠭ ᠨᠢ ︵     ︶᠃ A. ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ B. ᠠᠭᠤᠰᠬᠢᠨ ᠤ ᠬᠤᠯᠤᠭᠠᠨ᠎ᠠ ᠶᠢᠨ ᠬᠢᠵᠢᠭ C. ᠴᠢᠰᠤ ᠦᠵᠢᠷᠡᠬᠦ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠬᠠᠷᠢᠭᠤᠯᠲᠠ᠄ B 16. ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠪᠤᠶᠤ ︽ᠬᠤᠯᠤᠭᠠᠨ᠎ᠠ ᠶᠢᠨ ᠬᠢᠵᠢᠭ ᠤᠨ ᠰᠡᠵᠢᠭ ᠲᠠᠢ︾ ᠡᠪᠡᠳᠴᠢᠲᠡᠨ ᠲᠠᠢ ᠣᠶᠢᠷᠠᠲᠤᠭᠰᠠᠳ  ︵   ︶᠃ A. ᠴᠢᠯᠦᠭᠡᠲᠡᠢ ᠬᠦᠳᠡᠯᠭᠡᠭᠡᠨ ᠬᠢᠬᠦ B. ᠲᠤᠬᠠᠢ ᠶᠢᠨ ᠭᠠᠵᠠᠷ ᠲᠤᠨᠢ ᠲᠤᠰᠠᠭᠠᠷᠯᠠᠵᠤ ᠦᠯᠡᠳᠡᠭᠡᠨ ᠪᠠᠶᠢᠴᠠᠭᠠᠬᠤ   ᠶᠢᠨ ᠬᠠᠮᠲᠤ ᠰᠡᠷᠬᠡᠶᠢᠯᠡᠬᠦ ᠡᠮ ᠬᠡᠷᠡᠭᠯᠡᠨ᠎ᠡ C. ᠡᠮᠨᠡᠯᠭᠡ   ᠶᠢᠨ ᠬᠤᠷᠢᠶᠠᠨ ᠳᠤ ᠬᠦᠷᠴᠦ ᠲᠤᠰᠠᠭᠠᠷᠯᠠᠨ ᠡᠮᠴᠢᠯᠡᠭᠦᠯᠦᠨ᠎ᠡᠬᠠᠷᠢᠭᠤᠯᠲᠠ᠄ B 17. ᠦᠷᠭᠦᠯᠵᠢ ᠲᠣᠬᠢᠶᠠᠯᠳᠤᠳᠠᠭ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠬᠡᠯᠪᠡᠷᠢ ᠠᠴᠠ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ᠂ ᠪᠠᠰᠠ ︵   ︶ ᠬᠤᠯᠤᠭᠠᠨ᠎ᠠ ᠶᠢᠨ ᠬᠢᠵᠢᠭ  ᠬᠡᠵᠤ ᠬᠤᠪᠢᠶᠠᠳᠠᠭ᠃ A. ᠴᠢᠰᠤ ᠦᠵᠢᠷᠡᠬᠦ ᠬᠡᠯᠪᠡᠷᠢ B.ᠲᠠᠷᠢᠬᠢᠨ ᠪᠦᠷᠬᠦᠪᠴᠢ ᠶᠢᠨ ᠦᠷᠪᠢᠰᠦᠯ ᠤᠨ ᠬᠡᠯᠪᠡᠷᠢ C. ᠭᠡᠳᠡᠰᠦᠨ ᠤ ᠬᠡᠯᠪᠡᠷᠢ ᠬᠠᠷᠢᠭᠤᠯᠲᠠ᠄ A 18. ᠬᠤᠯᠤᠭᠠᠨ᠎ᠠ ᠶᠢᠨ ᠬᠢᠵᠢᠭ ᠤᠨ ᠨᠢᠭᠤᠭᠳᠠᠮᠠᠯ ᠬᠤᠭᠤᠴᠠᠭ᠎ᠠ ᠨᠢ ᠣᠯᠠᠩᠬᠢ ᠳᠠᠭᠠᠨ ︵   ︶ ᠡᠳᠦᠷ ᠪᠠᠶᠢᠳᠠᠭ᠃ A. 7-12 B.  8-9 C.  2-3 ᠬᠠᠷᠢᠭᠤᠯᠲᠠ᠄ B 19. ᠬᠥᠮᠥᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠰᠢᠢᠳᠪᠦᠷᠢᠯᠡᠬᠦ ᠶᠠᠪᠤᠴᠠ ᠳᠤ᠂ ᠬᠠᠮᠤᠭ ᠰᠡᠭᠦᠯᠴᠢ ᠶᠢᠨ ᠨᠢᠭᠡ ᠡᠪᠡᠳᠴᠢᠲᠡᠨ ᠢ ᠲᠤᠰᠠᠭᠠᠷᠯᠠᠭᠰᠠᠨ ᠤ ᠳᠠᠷᠠᠭ᠎ᠠ ︵   ︶  ᠡᠳᠦᠷ ᠲᠤ ᠰᠢᠨ᠎ᠡ ᠡᠪᠡᠳᠴᠢᠨ ᠤ ᠵᠢᠱᠢᠶ᠎ᠡ ᠭᠠᠷᠤᠭᠰᠠᠨ ᠦᠭᠡᠢ ᠪᠣᠯ ᠣᠷᠣᠨ ᠪᠦᠰᠡ ᠶᠢᠨ ᠪᠢᠲᠡᠭᠦᠮᠵᠢᠯᠡᠯ ᠪᠤᠶᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠵᠤ ᠪᠣᠯᠣᠨ᠎ᠠ᠃ A. 3 B. 9 C. 15 ᠬᠠᠷᠢᠭᠤᠯᠲᠠ᠄ B 20. ᠬᠤᠯᠤᠭᠠᠨ᠎ᠠ ᠶᠢᠨ ᠬᠢᠵᠢᠭ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠳᠤ᠂ ᠡᠩ ᠤᠨ ᠪᠠᠶᠢᠳᠠᠯ  ᠳᠤ ᠡᠪᠡᠳᠴᠢᠲᠡᠨ ᠡᠪᠡᠳᠴᠢᠯᠡᠬᠦ ᠠᠴᠠ ᠡᠮᠦᠨ᠎ᠡ ︵   ︶ ᠳᠣᠳᠣᠷ᠎ᠠ ᠬᠢᠵᠢᠭᠲᠦ ᠣᠷᠣᠨ ᠳᠤ ᠣᠴᠢᠵᠤ ᠥᠩᠭᠡᠷᠡᠭᠰᠡᠨ ᠪᠤᠶᠤ ᠬᠢᠵᠢᠭ ᠤᠨ ᠡᠭᠦᠰᠦᠯ ᠲᠠᠢ ᠠᠮᠢᠲᠠᠨ ᠲᠠᠢ ᠤᠶᠢᠷᠠᠳᠴᠤ ᠥᠩᠭᠡᠷᠡᠭᠰᠡᠨ ᠡᠰᠡᠬᠦ ᠶᠢ ᠪᠠᠶᠢᠴᠠᠭᠠᠳᠠᠭ ᠪᠤᠢ︖ A. ᠨᠢᠭᠡ ᠰᠠᠷ᠎ᠠ B. ᠬᠠᠭᠠᠰ ᠵᠢᠯ C. 10 ᠡᠳᠦᠷ ᠬᠠᠷᠢᠭᠤᠯᠲᠠ᠄ C 21. ᠵᠠᠰᠠᠭ ᠤᠨ ᠣᠷᠳᠣᠨ ᠤ ᠳᠤᠷᠠᠳᠤᠭᠰᠠᠨ ᠬᠠᠮᠠᠭᠠᠯᠠᠯᠳᠡ ᠶᠢᠨ ᠴᠢᠨᠠᠷᠲᠠᠢ ᠬᠤᠯᠤᠭᠠᠨ᠎ᠠ ᠪᠠ ᠨᠣᠬᠠᠢ ᠶᠢᠨ ᠪᠥᠭᠡᠰᠦ  ᠶᠢ ᠤᠰᠠᠳᠬᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠳᠤ ᠪᠢᠳᠡ ᠶᠠᠮᠠᠷ ᠣᠪᠣᠷ ᠢᠶᠠᠷ ᠬᠠᠨᠳᠣᠪᠠᠯ ᠵᠣᠬᠢᠬᠤ ᠪᠤᠶ︖  ︵       ︶ A. ᠨᠠᠳᠠ ᠲᠠᠢ ᠬᠠᠮᠢᠶ᠎ᠠ ᠦᠭᠡᠢ B.  ᠢᠳᠡᠪᠬᠢᠯᠡᠨ ᠳᠠᠭᠠᠨ᠎ᠠ C. ᠡᠷᠡᠰ ᠡᠰᠡᠷᠭᠦᠴᠡᠨ᠎ᠡ ᠬᠠᠷᠢᠭᠤᠯᠲᠠ᠄ B 22. ᠬᠤᠯᠤᠭᠠᠨ᠎ᠠ ᠶᠢᠨ ᠬᠢᠵᠢᠭ ᠢ ᠡᠵᠡᠮᠳᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠷᠬᠡᠪᠰᠢ ︵     ︶ ᠪᠠᠷ ︵ ᠢᠶᠠᠷ︶ ᠰᠠᠭᠤᠷᠢ ᠪᠠ ᠤᠳᠤᠷᠢᠳᠤᠮᠵᠢ ᠪᠣᠯᠭᠠᠬᠤ ᠬᠡᠷᠡᠭᠲᠡᠢ᠃ A. ᠤᠬᠠᠭᠤᠯᠭ᠎ᠠ ᠬᠥᠮᠦᠵᠢᠯ B. ᠬᠠᠮᠠᠭᠠᠯᠠᠯᠳᠡ ᠶᠢᠨ ᠴᠢᠨᠠᠷᠲᠠᠢ ᠬᠤᠯᠤᠭᠠᠨ᠎ᠠ᠂ ᠨᠣᠬᠠᠢ   ᠶᠢᠨ ᠪᠥᠭᠡᠰᠦ   ᠶᠢ ᠤᠰᠠᠳᠬᠠᠬᠤ C. ᠠᠮᠢᠲᠠᠨ ᠤ ᠪᠠᠶᠢᠴᠠᠭᠠᠯᠳᠠ D. ᠬᠥᠮᠥᠰ ᠤᠨ ᠬᠠᠮᠢᠶᠠᠷᠤᠯᠲᠠ ᠡᠵᠡᠮᠳᠡᠯ ᠬᠠᠷᠢᠭᠤᠯᠲᠠ᠄ A 23. ᠪᠤᠯᠴᠢᠷᠬᠠᠢ   ᠶᠢᠨ ᠬᠤᠯᠤᠭᠠᠨ᠎ᠠ   ᠶᠢᠨ ᠬᠢᠵᠢᠭ ᠤᠨ ᠬᠠᠮᠤᠭ ᠤᠨ ᠠᠮᠠᠷᠬᠠᠨ ᠡᠭᠦᠰᠬᠦ ᠬᠡᠰᠡᠭ ᠪᠣᠯ ︵     ︶ ᠪᠣᠯᠣᠨ᠎ᠠ᠃ A. ᠰᠤᠭᠤᠨ ᠤ ᠳᠣᠣᠷ᠎ᠠ B. ᠴᠠᠪᠢ C. ᠬᠦᠵᠦᠭᠦᠨ ᠤ ᠬᠡᠰᠡᠭ ᠬᠠᠷᠢᠭᠤᠯᠲᠠ᠄ A 24.ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠤ ᠠᠮᠢᠰᠬᠤᠯ ᠴᠢᠬᠤᠯᠳᠠᠬᠤ᠂ ᠬᠦᠴᠢᠯᠲᠥ᠋ᠷᠥᠭᠴᠢ ᠳᠤᠲᠠᠭᠳᠠᠬᠤ ᠠᠴᠠ ᠪᠣᠯᠵᠤ ᠤᠷᠤᠭᠤᠯ᠂ ᠨᠢᠭᠤᠷ ᠴᠢᠷᠠᠢ ᠵᠢᠴᠢ ᠳᠥᠷᠪᠡᠨ ᠮᠥᠴᠢ ᠶᠢᠨ ᠠᠷᠠᠰᠤ  ᠨᠢ ᠪᠣᠷᠣᠯᠠᠵᠤ᠂ ᠴᠢᠨᠠᠭᠰᠢᠯᠠᠪᠠᠯ ᠪᠦᠬᠦ ᠪᠡᠶ᠎ᠡ ᠨᠢ ᠪᠣᠷᠣᠯᠠᠳᠠᠭ᠂ ᠡᠶᠢᠮᠦ ᠠᠴᠠ ᠬᠤᠯᠤᠭᠠᠨ᠎ᠠ ᠶᠢᠨ ᠬᠢᠵᠢᠭ ᠢ ᠪᠠᠰᠠ  ︵     ︶ ᠭᠡᠳᠡᠭ᠃ A.  ᠬᠠᠷ᠎ᠠ ᠬᠦᠬᠡᠣᠦ ᠡᠪᠡᠳᠴᠢᠨ B. ᠡᠰᠡᠷᠭᠡᠨ᠎ᠡ ᠭᠠᠷᠬᠤ ᠴᠢᠨᠠᠷᠲᠠᠢ ᠠᠮᠠᠨ ᠬᠥᠨᠳᠡᠢ ᠶᠢᠨ ᠦᠷᠪᠢᠰᠦᠯ C. ᠭᠡᠳᠡᠰᠦᠨ ᠤ ᠬᠢᠵᠢᠭ D.ᠤᠰᠤᠨ ᠠᠴᠠ ᠠᠶᠤᠬᠤ ᠭᠡᠮ ᠬᠠᠷᠢᠭᠤᠯᠲᠠ᠄ A 25. ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠨ ᠲᠠᠷᠬᠠᠬᠤ ᠶᠢ ᠪᠦᠲᠦᠮᠵᠢᠲᠡᠶ ᠬᠢᠵᠠᠭᠠᠷᠯᠠᠬᠤ ᠶᠢᠨ ᠲᠥᠯᠥᠭᠡ᠂ ︵     ︶ ᠳᠦᠷᠢᠮ ᠢ ᠨᠠᠶᠢᠳᠠᠪᠤᠷᠢᠵᠢᠭᠤᠯᠪᠠᠯ ᠵᠤᠬᠢᠨ᠎ᠠ᠃ A. ᠬᠠᠮᠲᠤᠷᠠᠨ ᠣᠨᠣᠰᠢᠯᠠᠬᠤ B. ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ C. ᠡᠪᠡᠳᠴᠢᠲᠡᠨ   ᠢ ᠡᠮᠨᠡᠯᠭᠡ ᠰᠢᠯᠵᠢᠭᠦᠯᠬᠦ D.ᠲᠦᠷᠭᠡᠨ ᠡᠮᠴᠢᠯᠡᠭᠡ ᠬᠠᠷᠢᠭᠤᠯᠲᠠ᠄ B ᠬᠤᠶᠠᠷ᠂ ᠮᠠᠭᠠᠳᠯᠠᠬᠤ ᠰᠡᠳᠦᠪ 1. ᠬᠤᠯᠤᠭᠠᠨ᠎ᠠ ᠶᠢᠨ ᠬᠢᠵᠢᠭ ᠤᠨ ᠡᠪᠡᠳᠴᠢᠯᠡᠬᠦ ᠨᠣᠷᠮ᠎ᠠ ᠵᠢᠴᠢ ᠡᠪᠡᠳᠴᠢᠨ ᠢᠶᠠᠷ ᠦᠬᠦᠬᠦ ᠨᠣᠷᠮ᠎ᠠ ᠨᠢ ᠶᠡᠷᠦ ᠳᠡᠭᠡᠨ ᠨᠠᠰᠤ ᠵᠢᠯ᠂ ᠬᠦᠢᠰᠦ ᠶᠢᠨ ᠢᠯᠭᠠᠯ ᠦᠭᠡᠢ᠃ ᠠᠳᠠᠯᠢ ᠪᠤᠰᠤ ᠬᠥᠮᠥᠰ ᠤᠨ ᠡᠪᠡᠳᠴᠢᠯᠡᠬᠦ ᠨᠣᠷᠮ᠎ᠠ ᠶᠢᠨ ᠥᠨᠳᠥᠷ ᠪᠣᠭᠤᠨᠢ ᠨᠢ ᠭᠤᠣᠯᠳᠠᠭᠤ ᠬᠠᠯᠳᠠᠪᠤᠷᠢᠯᠠᠯ ᠤᠨ ᠡᠬᠢ ᠰᠤᠷᠪᠤᠯᠵᠢ ᠲᠠᠢ ᠬᠦᠷᠦᠯᠴᠡᠬᠦ ᠲᠣᠬᠢᠶᠠᠯ ᠢᠶᠠᠷ ᠲᠣᠭᠲᠠᠭᠠᠭᠳᠠᠨ᠎ᠠ᠃ ᠢᠩᠭᠢᠵᠦ ᠬᠡᠯᠡᠬᠦ ᠨᠢ ᠵᠥᠪ ᠤᠤ︖ᠬᠠᠷᠢᠭᠤᠯᠲᠠ᠄ ᠲᠠᠭᠠᠷᠠᠨ᠎ᠠ 2. ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠶᠢ ᠤᠰᠠᠳᠬᠠᠬᠤ ᠠᠵᠢᠯ ᠢ ᠥᠷᠨᠢᠭᠦᠯᠪᠡᠯ ᠬᠡᠰᠡᠭ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠳᠡᠯᠭᠡᠷᠡᠬᠦ ᠬᠦᠴᠦᠯᠡᠴᠡ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠬᠠᠷᠢᠭᠤᠯᠲᠠ᠄ ᠲᠠᠭᠠᠷᠠᠨ᠎ᠠ 3. ᠬᠤᠯᠤᠭᠠᠨ᠎ᠠ ᠶᠢᠨ ᠬᠢᠵᠢᠭ ᠵᠥᠪᠬᠡᠨ ᠮᠡᠷᠡᠭᠴᠢ ᠠᠮᠢᠲᠠᠨ ᠤ ᠬᠤᠭᠤᠷᠣᠨᠳᠤ ᠲᠠᠷᠬᠠᠬᠤ ᠠᠴᠠ ᠪᠢᠰᠢ᠂ ᠬᠥᠮᠥᠨ ᠬᠥᠮᠥᠨ ᠤ ᠬᠤᠭᠤᠷᠣᠨᠳᠤ ᠲᠠᠷᠬᠠᠳᠠᠭ ᠦᠭᠡᠢ᠃ ᠬᠠᠷᠢᠭᠤᠯᠲᠠ᠄ ᠪᠤᠷᠤᠭᠤ 4. ᠬᠥᠮᠥᠨ ᠬᠤᠯᠤᠭᠠᠨ᠎ᠠ ᠶᠢᠨ ᠬᠢᠵᠢᠭ ᠢ ᠡᠰᠡᠷᠭᠦᠴᠡᠬᠦ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠳᠠᠭ᠂ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠪᠤᠶᠤ ᠬᠢᠵᠢᠭ ᠤᠨ ᠡᠭᠦᠰᠦᠯ ᠲᠠᠢ ᠠᠮᠢᠲᠠᠨ ᠲᠠᠢ ᠤᠶᠢᠷᠠᠳᠬᠤ ᠳᠤ ᠡᠩ  ᠤᠨ ᠪᠠᠶᠢᠳᠠᠯ ᠳᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠦᠭᠡᠢ᠃ᠬᠠᠷᠢᠭᠤᠯᠲᠠ᠄ ᠪᠤᠷᠤᠭᠤ 5. ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠤᠯᠤᠰ ᠪᠠ ᠨᠡᠶᠢᠭᠡᠮ ᠠᠴᠠ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠲᠠᠢ ᠡᠪᠡᠳᠴᠢᠲᠡᠨ᠂ ᠡᠪᠡᠳᠴᠢᠨ ᠡᠭᠦᠰᠬᠡᠭᠴᠢ ᠶᠢ ᠠᠪᠴᠤ ᠶᠠᠪᠤᠭᠰᠠᠳ ᠪᠠ ᠬᠠᠯᠳᠠᠪᠤᠷᠢᠲᠤ ᠡᠪᠡᠳᠴᠢᠨ ᠤ ᠰᠡᠵᠢᠭ ᠲᠠᠢ ᠡᠪᠡᠳᠴᠢᠲᠡᠨ ᠢ ᠬᠠᠯᠠᠮᠵᠢᠯᠠᠨ ᠬᠠᠪᠰᠤᠷᠴᠤ᠂ ᠲᠡᠭᠦᠨ ᠢ ᠴᠠᠭ ᠲᠤᠬᠠᠢ ᠳᠤᠨᠢ ᠠᠪᠤᠷᠠᠨ ᠵᠠᠰᠠᠬᠤ ᠬᠡᠷᠡᠭᠲᠡᠢ ᠭᠡᠵᠦ ᠲᠣᠭᠲᠠᠭᠠᠵᠠᠢ᠃ ᠶᠠᠮᠠᠷᠪᠠ ᠨᠢᠭᠡᠴᠡ ᠪᠠ ᠬᠤᠪᠢ ᠬᠥᠮᠥᠨ ᠬᠠᠯᠳᠠᠪᠤᠷᠢᠲᠤ ᠡᠪᠡᠳᠴᠢᠨ ᠲᠠᠢ ᠡᠪᠡᠳᠴᠢᠲᠡᠨ᠂ ᠡᠪᠡᠳᠴᠢᠨ ᠡᠭᠦᠰᠬᠡᠭᠴᠢ ᠶᠢ ᠠᠪᠴᠤ ᠶᠠᠪᠤᠭᠰᠠᠳ ᠪᠠ ᠬᠠᠯᠳᠠᠪᠤᠷᠢᠲᠤ ᠡᠪᠡᠳᠴᠢᠨ ᠤ ᠰᠡᠵᠢᠭ ᠲᠠᠢ ᠡᠪᠡᠳᠴᠢᠲᠡᠨ ᠢ ᠭᠠᠳᠠᠭᠤᠷᠴᠢᠯᠠᠵᠤ ᠪᠣᠯᠬᠤ ᠦᠭᠡᠢ᠃ ᠬᠠᠷᠢᠭᠤᠯᠲᠠ᠄ ᠲᠠᠭᠠᠷᠠᠨ᠎ᠠ 6. ᠬᠤᠯᠤᠭᠠᠨ᠎ᠠ ᠶᠢᠨ ᠬᠢᠵᠢᠭ ᠪᠣᠯ ᠨᠢᠭᠡ ᠵᠦᠢᠯ ᠤᠨ ᠠᠶᠠᠨᠳᠠᠭᠠᠨ ᠤ ᠬᠢᠵᠢᠭ ᠤᠨ ᠰᠤᠷᠪᠤᠯᠵᠢᠲᠤ ᠬᠢᠵᠢᠭ ᠡᠪᠡᠳᠴᠢᠨ ᠮᠥᠨ᠂ ᠪᠢᠳᠡᠨ ᠤ ᠴᠢᠷᠮᠠᠶᠢᠯᠭ᠎ᠠ ᠪᠠᠷ ᠲᠡᠭᠦᠨ ᠢ ᠲᠤᠶᠢᠯᠪᠤᠷᠢᠲᠠᠢ ᠤᠰᠠᠳᠬᠠᠵᠤ ᠪᠣᠯᠣᠨ᠎ᠠ᠃ ᠬᠠᠷᠢᠭᠤᠯᠲᠠ᠄ ᠪᠤᠷᠤᠭᠤ 7. ᠠᠩᠬᠠᠳᠠᠭᠴᠢ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠠᠨ ᠡᠪᠡᠳᠴᠢᠳᠡᠨ ᠢ ᠢᠯᠡᠷᠡᠭᠦᠯᠬᠦ ᠨᠢ ᠬᠤᠯᠤᠭᠠᠨ᠎ᠠ ᠶᠢᠨ ᠬᠢᠵᠢᠭ ᠤᠨ ᠳᠡᠯᠭᠡᠷᠡᠬᠦ   ᠶᠢ ᠬᠤᠷᠢᠭᠯᠠᠬᠤ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠃ ᠬᠠᠷᠢᠭᠤᠯᠲᠠ᠄ ᠲᠠᠭᠠᠷᠠᠨ᠎ᠠ 8. ᠥᠨᠳᠥᠷ ᠬᠠᠯᠠᠭᠤᠷᠠᠬᠤ᠂ ᠯᠢᠮᠪᠠ ᠶᠢᠨ ᠵᠠᠩᠭᠢᠯᠠᠭ᠎ᠠ ᠬᠠᠪᠤᠳᠬᠤ᠂ ᠬᠠᠨᠢᠶᠠᠬᠤ᠂ ᠲᠣᠯᠣᠭᠠᠢ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠣᠯᠵᠤ ᠮᠡᠳᠡᠪᠡᠯ ᠬᠤᠯᠤᠭᠠᠨ᠎ᠠ ᠶᠢᠨ ᠬᠢᠵᠢᠭ ᠤᠨ ᠲᠠᠬᠤᠯ ᠡᠪᠡᠳᠴᠢᠨ ᠤ ᠰᠤᠳᠤᠯᠤᠯ ᠤᠨ ᠤᠶᠢᠷᠠᠲᠤᠨ ᠬᠦᠷᠦᠯᠴᠡᠭᠰᠡᠨ ᠲᠡᠦᠬᠡ ᠶᠢ ᠮᠥᠷᠳᠡᠨ᠎ᠡ᠃ ᠬᠠᠷᠢᠭᠤᠯᠲᠠ᠄ ᠲᠠᠭᠠᠷᠠᠨ᠎ᠠ 9. ᠬᠤᠯᠤᠭᠠᠨ᠎ᠠ   ᠶᠢᠨ ᠬᠢᠵᠢᠭ   ᠢ ᠰᠡᠷᠭᠡᠶᠢᠯᠡᠨ ᠡᠵᠡᠮᠳᠡᠵᠤ ᠪᠣᠯᠣᠨ᠎ᠠ᠃ ᠬᠠᠯᠳᠠᠪᠤᠷᠢᠯᠠᠯ ᠤᠨ ᠡᠬᠢ ᠰᠤᠷᠪᠤᠯᠵᠢ ᠶᠢ ᠬᠢᠵᠠᠭᠠᠷᠯᠠᠬᠤ᠂ ᠬᠠᠯᠳᠠᠪᠤᠷᠢᠯᠠᠬᠤ ᠵᠠᠮ ᠢ ᠲᠠᠰᠤᠯᠬᠤ᠂ ᠵᠢᠴᠢ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ᠂ ᠢᠯᠠᠩᠭᠤᠶ᠎ᠠ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠯ ᠢ ᠢᠯᠡᠷᠡᠭᠦᠯᠬᠦ ᠲᠦᠭᠰᠢᠭᠦᠷᠢ ᠶᠢ ᠪᠠᠭᠠᠰᠬᠠᠬᠤ ᠵᠡᠷᠭᠡ ᠪᠠᠷ ᠳᠠᠮᠵᠢᠭᠤᠯᠤᠨ᠂ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠶᠢ ᠪᠦᠲᠦᠮᠵᠢᠲᠡᠶ ᠪᠠᠷ ᠰᠡᠷᠭᠡᠶᠢᠯᠡᠵᠦ ᠪᠣᠯᠣᠨ᠎ᠠ᠃ ᠬᠠᠷᠢᠭᠤᠯᠲᠠ᠄ ᠲᠠᠭᠠᠷᠠᠨ᠎ᠠ 10. ᠬᠡᠷᠪᠡ ᠥᠪᠡᠷ ᠢᠶᠠᠨ ᠬᠤᠯᠤᠭᠠᠨ᠎ᠠ ᠶᠢᠨ ᠬᠢᠵᠢᠭ ᠳᠤ ᠬᠠᠯᠳᠠᠪᠤᠷᠢᠯᠠᠭᠳᠠᠬᠤ ᠠᠶᠤᠯ ᠶᠡᠬᠡᠲᠡᠢ ᠠᠵᠢᠯᠯᠠᠭ᠎ᠠ ᠲᠠᠢ ᠪᠠᠶᠢᠪᠠᠯ᠂ ᠠᠶᠤᠵᠤ ᠰᠠᠨᠳᠤᠷᠬᠤ ᠬᠡᠷᠡᠭ ᠦᠭᠡᠢ᠂ ᠥᠪᠡᠷ ᠤᠨ ᠪᠡᠶ᠎ᠡ ᠶᠢᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠤᠶᠤ ᠲᠤᠬᠠᠢ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠪᠠᠶᠢᠭᠤᠯᠤᠮᠵᠢ ᠳᠤ ᠰᠠᠨᠠᠭᠠᠴᠢᠯᠠᠭ᠎ᠠ  ᠠᠴᠠ ᠪᠠᠨ ᠮᠡᠳᠡᠭᠦᠯᠵᠦ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠠᠪᠬᠤ ᠬᠡᠷᠡᠭᠲᠡᠢ᠃ ᠬᠡᠷᠪᠡ ᠬᠠᠯᠠᠭᠤᠷᠠᠬᠤ᠂ ᠯᠢᠮᠪᠠ ᠶᠢᠨ ᠵᠠᠩᠭᠢᠯᠠᠭ᠎ᠠ ᠬᠠᠪᠤᠳᠬᠤ᠂ ᠬᠠᠨᠢᠶᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠴᠠᠭ ᠲᠤᠬᠠᠢ ᠳᠤᠨᠢ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠦᠯᠦᠨ᠎ᠡ᠃ ᠬᠠᠷᠢᠭᠤᠯᠲᠠ᠄ ᠲᠠᠭᠠᠷᠠᠨ᠎ᠠ ᠭᠤᠷᠪᠠ · ᠤᠯᠠᠨ ᠬᠠᠷᠢᠭᠤᠯᠲᠠ ᠰᠣᠩᠭᠤᠬᠤ ᠰᠡᠳᠦᠪ 1. ᠬᠤᠯᠤᠭᠠᠨ᠎ᠠ ᠶᠢᠨ ᠬᠢᠵᠢᠭ ᠤᠨ ᠡᠭᠦᠰᠦᠯ ᠲᠠᠢ ᠭᠠᠵᠠᠷ ᠢᠶᠠᠷ ᠵᠢᠭᠤᠯᠴᠢᠯᠠᠬᠤ ᠳᠤ ᠶᠠᠭᠤ ᠶᠢ ᠠᠩᠬᠠᠷᠬᠤ ᠬᠡᠷᠡᠭᠲᠡᠢ ᠪᠣᠶ︖ ︵1︶ ᠬᠢᠵᠢᠭ ᠤᠨ ᠡᠭᠦᠰᠦᠯ ᠲᠠᠢ ᠠᠮᠢᠲᠠᠨ ᠢ ᠦᠯᠦ ᠠᠩᠨᠠᠬᠤ︵2︶ ᠬᠢᠵᠢᠭ ᠤᠨ ᠡᠭᠦᠰᠦᠯ ᠲᠠᠢ ᠠᠮᠢᠲᠠᠨ ᠢ ᠦᠪᠴᠢᠵᠤ ᠢᠳᠡᠬᠦ ᠦᠭᠡᠢ᠂ ᠰᠢᠢᠳᠪᠦᠷᠢᠯᠡᠬᠦ ᠦᠭᠡᠢ ᡽ ︵3︶ ᠬᠢᠵᠢᠭ ᠤᠨ ᠡᠭᠦᠰᠦᠯ ᠲᠠᠢ ᠠᠮᠢᠲᠠᠨ ᠵᠢᠴᠢ ᠪᠦᠲᠦᠭᠡᠭᠳᠡᠬᠦᠨ ᠢ ᠪᠡᠶ᠎ᠡ ᠳᠡᠭᠡᠨ ᠠᠪᠴᠤ ᠶᠠᠪᠤᠬᠤ ᠦᠭᠡᠢ ︵4︶ ᠡᠪᠡᠳᠴᠢᠨ ᠲᠠᠢ᠂ ᠦᠬᠦᠭᠰᠡᠨ ᠬᠤᠯᠤᠭᠠᠨ᠎ᠠ ᠶᠢᠨ ᠲᠥᠷᠥᠯ ︵ᠳᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ᠂ ᠦᠨᠡᠭᠡ᠂ ᠴᠢᠨ᠋ᠸ᠎ᠠ᠂ ᠨᠣᠬᠠᠢ᠂ ᠮᠤᠤᠷ ᠵᠡᠷᠭᠡ ᠠᠮᠢᠲᠠᠨ ᠲᠠᠢ ᠦᠯᠦ ᠤᠶᠢᠷᠠᠳᠬᠤ᡽ ︵5︶ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠪᠤᠰᠤ ᠣᠷᠣᠨ ᠳᠤ ᠪᠠᠶᠢᠬᠤ ᠬᠤᠯᠤᠭᠠᠨ᠎ᠠ ᠶᠢᠨ ᠲᠥᠷᠥᠯ ︵ᠲᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ ᠵᠡᠷᠭᠡ ᠠᠮᠢᠲᠠᠨ ᠤ ᠨᠦᠬᠡᠨ ᠤ ᠬᠠᠵᠠᠭᠤ ᠳᠤ ᠠᠮᠠᠷᠠᠬᠤ ᠪᠤᠶᠤ ᠨᠦᠬᠡ  ᠶᠢ ᠮᠠᠯᠲᠠᠬᠤ ᠦᠭᠡᠢ ᠪᠠᠶᠢᠬᠤ ᠬᠠᠷᠢᠭᠤᠯᠲᠠ᠄ (1) (2) (3) (4) (5) 2. ᠦᠪᠡᠷ ᠢ ᠪᠠᠨ‌ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠠᠨ ᠬᠡᠵᠤ ᠰᠡᠵᠢᠭᠯᠡᠭᠡᠳ ᠡᠮᠴᠢᠯᠡᠭᠡᠨ ᠤ ᠪᠠᠶᠢᠭᠤᠯᠤᠮᠵᠢ ᠳᠤ  ᠤᠴᠢᠬᠤ ᠳᠤ ᠪᠠᠨ ᠶᠠᠭᠤ ᠶᠢ ᠠᠩᠬᠠᠷᠬᠤ ᠬᠡᠷᠡᠭᠲᠡᠢ ᠪᠣᠢ︖︵1︶ ᠲᠤᠬᠠᠢ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ︵2︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠪᠣᠯᠬᠤ ᠦᠭᠡᠢ᠂ ᠬᠠᠮᠤᠭ ᠰᠠᠶᠢᠨ  ᠨᠢ 120 ᠲᠦᠷᠭᠡᠨ ᠠᠪᠤᠷᠠᠯᠳᠡ ᠶᠢᠨ ᠤᠲᠠᠰᠤ ᠶᠢ ᠵᠠᠯᠭᠠᠵᠤ᠂ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠴᠢᠯᠡᠭᠦᠯᠬᠦ ᠶᠢᠨ ᠬᠠᠮᠲᠤ ᠪᠠᠶᠢᠳᠠᠯ ᠢᠶᠠᠨ ᠲᠣᠳᠣᠷᠬᠠᠶᠢᠯᠠᠨ᠎ᠠ᠃︵3︶ ᠭᠠᠳᠠᠭᠰᠢ ᠭᠠᠷᠬᠤ ᠳᠠᠭᠠᠨ ᠠᠮᠠᠪᠴᠢ ᠵᠡᠭᠦᠬᠦ ᠬᠡᠷᠡᠭᠲᠡᠢ᠃ ︵4︶ ᠡᠮᠨᠡᠯᠭᠡ ᠶᠢᠨ ᠬᠤᠷᠢᠶᠠᠨ ᠳᠤ ᠬᠦᠷᠬᠦ ᠳᠡᠭᠡᠨ ᠡᠮᠨᠡᠯᠭᠡ ᠶᠢᠨ ᠬᠤᠷᠢᠶᠠᠨ ᠤ ᠲᠣᠬᠢᠷᠠᠭᠤᠯᠤᠯᠲᠠ ᠶᠢ ᠳᠠᠭᠠᠬᠤ ᠶᠢᠨ ᠬᠠᠮᠲᠤ ᠥᠪᠡᠷ ᠤᠨ ᠪᠡᠶ᠎ᠡ ᠳᠤ ᠣᠷᠣᠰᠢᠵᠤ ᠮᠡᠳᠡᠬᠦ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠠᠶᠤᠯ ᠶᠡᠬᠡᠲᠡᠢ ᠦᠢᠯᠡ ᠠᠵᠢᠯᠯᠠᠭ᠎ᠠ ᠵᠢᠴᠢ ᠡᠷᠭᠢᠨ ᠲᠣᠭᠤᠷᠢᠨ ᠳᠤ ᠴᠢᠨᠢ ᠬᠠᠯᠠᠭᠤᠷᠠᠭᠰᠠᠨ ᠬᠥᠮᠥᠨ ᠪᠠᠶᠢᠬᠤ ᠡᠰᠡᠬᠦ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ᠃ ︵5︶ ᠥᠪᠡᠷᠲᠡᠭᠡᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠴᠢᠯᠡᠭᠦᠯᠬᠦ ᠬᠠᠷᠢᠭᠤᠯᠲᠠ᠄ (1) (2) (3) (4) 3. ᠬᠡᠷᠪᠡ ᠥᠪᠡᠷ ᠤᠨ ᠰᠠᠭᠤᠵᠤ ᠪᠠᠶᠢᠭ᠎ᠠ ᠰᠢᠶᠠᠩ ᠪᠠᠯᠭᠠᠰᠤ ᠪᠤᠶᠤ ᠡᠷᠬᠢᠨ ᠲᠣᠭᠤᠷᠢᠨ ᠤ ᠭᠠᠵᠠᠷ ᠣᠷᠣᠨ ᠳᠤ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢᠯᠡᠷᠡᠭᠰᠡᠨ ᠪᠤᠶᠤ ᠬᠥᠮᠥᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢᠯᠡᠷᠡᠭᠰᠡᠨ ᠪᠠᠶᠢᠪᠠᠯ ᠶᠠᠭᠠᠬᠢᠪᠠᠯ ᠵᠣᠬᠢᠬᠤ ᠪᠣᠶ︖ ︵1︶ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠥᠪᠡᠷ ᠤᠨ ᠪᠡᠶ᠎ᠡ ᠶᠢᠨ ᠠᠨᠠᠭᠠᠬᠤ ᠤᠬᠠᠭᠠᠨ ᠤ ᠠᠵᠢᠭᠯᠠᠯᠲᠠ ᠪᠠᠨ ᠰᠠᠶᠢᠲᠤᠷ ᠬᠢᠬᠦ ᠬᠡᠷᠡᠭᠲᠡᠢ᠃ ᠬᠡᠷᠪᠡ ᠬᠠᠯᠠᠭᠤᠷᠠᠬᠤ᠂ ᠯᠢᠮᠪᠠ ᠶᠢᠨ ᠵᠠᠩᠭᠢᠯᠠᠭ᠎ᠠ ᠬᠠᠪᠤᠳᠬᠤ᠂ ᠬᠠᠨᠢᠶᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠴᠠᠭ ᠲᠤᠬᠠᠢ ᠳᠤᠨᠢ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠦᠯᠦᠨ᠎ᠡ᠃ ᠡᠪᠡᠳᠴᠢᠨ ᠦᠵᠡᠭᠦᠯᠬᠦ ᠳᠡᠭᠡᠨ ᠰᠠᠨᠠᠭᠠᠴᠢᠯᠠᠭ᠎ᠠ ᠠᠴᠠ ᠪᠠᠨ ᠥᠪᠡᠷ ᠤᠨ ᠤᠶᠢᠷ᠎ᠠ ᠬᠠᠪᠢ ᠳᠤ ᠭᠠᠷᠤᠭᠰᠠᠨ ᠠᠮᠢᠲᠠᠨ ᠤ ᠬᠤᠭᠤᠷᠤᠨᠳᠣᠬᠢ  ᠪᠤᠶᠤ ᠬᠥᠮᠥᠨ ᠤ ᠬᠤᠭᠤᠷᠤᠨᠳᠣᠬᠢ  ᠬᠤᠯᠤᠭᠠᠨ᠎ᠠ ᠶᠢᠨ ᠬᠢᠵᠢᠭ ᠤᠨ ᠪᠠᠶᠢᠳᠠᠯ ᠢ  ᠡᠮᠴᠢ ᠳᠤ ᠮᠡᠳᠡᠭᠦᠯᠬᠦ ᠬᠡᠷᠡᠭᠲᠡᠢ᠃︵2︶ ︽ᠭᠤᠷᠪᠠ ᠶᠢ ᠦᠯᠦ ᠬᠢᠬᠦ ᠭᠤᠷᠪᠠ ᠶᠢ ᠮᠡᠳᠡᠭᠦᠯᠬᠦ︾   ᠶᠢ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠢ᠃ ᠡᠭᠦᠨ ᠤ ᠬᠠᠮᠲᠤ᠂ ᠡᠪᠡᠳᠴᠢᠨ ᠢᠶᠠᠷ ᠦᠬᠦᠭᠰᠡᠨ ᠬᠤᠯᠤᠭᠠᠨ᠎ᠠ ᠶᠢᠨ ᠲᠦᠷᠦᠯ ︵ᠲᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ᠂ ᠦᠨᠡᠭᠡ᠂ ᠴᠢᠨ᠋ᠸ᠎ᠠ᠂ ᠨᠣᠬᠠᠢ᠂ ᠮᠤᠤᠷ ᠵᠡᠷᠭᠡ ᠠᠮᠢᠲᠠᠨ ᠲᠠᠢ ᠣᠶᠢᠷᠠᠳᠬᠤ ᠦᠭᠡᠢ ᠪᠠᠶᠢᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠪᠤᠰᠤ ᠣᠷᠣᠨ ᠳᠤ ᠪᠠᠶᠢᠬᠤ  ᠬᠤᠯᠤᠭᠠᠨ᠎ᠠ ᠶᠢᠨ ᠲᠥᠷᠥᠯ ︵ᠳᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ ᠵᠡᠷᠭᠡ ᠠᠮᠢᠲᠠᠨ ᠤ ᠨᠦᠬᠡᠨ ᠤ ᠬᠠᠵᠠᠭᠤ ᠳᠤ ᠠᠮᠠᠷᠠᠬᠤ ᠪᠤᠶᠤ ᠨᠦᠬᠡ ᠶᠢ ᠮᠠᠯᠲᠠᠵᠤ ᠪᠤᠯᠬᠤ ᠦᠭᠡᠢ᠃ ︵3︶ ᠬᠤᠯᠤᠭᠠᠨ᠎ᠠ ᠶᠢᠨ ᠬᠢᠵᠢᠭ ᠲᠤ ᠨᠡᠷᠪᠡᠭᠳᠡᠪᠡᠯ ᠵᠠᠰᠠᠵᠤ ᠡᠳᠡᠭᠡᠷᠡᠭᠦᠯᠬᠦ ᠶᠢᠨ ᠠᠷᠭ᠎ᠠ ᠪᠠᠶᠢᠬᠤ ᠦᠭᠡᠢ᠂ ᠬᠤᠯᠤᠭᠠᠨ᠎ᠠ ᠶᠢᠨ ᠬᠢᠵᠢᠭ ᠡᠭᠦᠰᠦᠭᠰᠡᠨ ᠦᠶ᠎ᠡ ᠳᠤ ᠲᠡᠷᠡ ᠳᠠᠷᠤᠢ ᠳᠤᠨᠢ ᠰᠠᠳᠣᠨ ᠲᠦᠷᠦᠯ ᠤᠨ ᠳᠤ ᠪᠠᠨ ᠤᠴᠢᠵᠤ᠂  ᠨᠤᠲᠤᠭ ᠠᠴᠠ ᠪᠠᠨ ᠲᠦᠷ ᠵᠠᠶᠢᠯᠠᠵᠤ᠂  ᠬᠢᠵᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ ᠨᠤᠲᠤᠭ ᠲᠠᠭᠠᠨ ᠪᠤᠴᠠᠬᠤ ᠬᠡᠷᠡᠭᠲᠡᠢ᠃ᠬᠠᠷᠢᠭᠤᠯᠲᠠ᠄ (1) (2) 4. ᠶᠠᠮᠠᠷ ᠶᠠᠮᠠᠷ ᠦᠶᠯᠡ ᠠᠵᠢᠯᠯᠠᠭ᠎ᠠ ᠨᠢ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠳᠡᠭ ᠪᠣᠶ︖    ᠬᠦᠮᠦᠨ ᠳᠤ ᠬᠤᠯᠤᠭᠠᠨ᠎ᠠ ᠶᠢᠨ ᠬᠢᠵᠢᠭ ᠢ ᠡᠰᠡᠷᠬᠦᠴᠡᠬᠦ ᠲᠦᠷᠦᠯᠬᠢ ᠳᠠᠷᠬᠠᠯᠠᠭ᠎ᠠ ᠶᠢᠨ ᠴᠢᠳᠠᠪᠤᠷᠢ ᠦᠭᠡᠢ᠂ ᠬᠡᠷᠪᠡ ᠳᠣᠣᠷᠠᠬᠢ ᠮᠡᠲᠦ ᠠᠵᠢᠯᠯᠠᠭ᠎ᠠ ᠲᠠᠢ ᠪᠣᠯ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠄︵1︶ ᠬᠢᠵᠢᠭ ᠤᠨ ᠡᠭᠦᠰᠦᠯ ᠲᠠᠢ ᠠᠮᠢᠲᠠᠨ ᠢ ᠠᠩᠨᠠᠬᠤ︵2︶ ᠬᠢᠵᠢᠭ ᠤᠨ ᠡᠭᠦᠰᠦᠯ ᠲᠠᠢ ᠠᠮᠢᠲᠠᠨ ᠢ ᠦᠪᠴᠢᠬᠦ ᠪᠠ ᠢᠳᠡᠬᠦ︵3︶ ᠬᠢᠵᠢᠭ ᠤᠨ ᠡᠭᠦᠰᠦᠯ ᠲᠠᠢ ᠠᠮᠢᠲᠠᠨ ᠵᠢᠴᠢ ᠪᠦᠲᠦᠭᠡᠭᠳᠡᠬᠦᠨ ᠢ ᠠᠪᠴᠤ ᠶᠠᠪᠤᠬᠤ︵4︶ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠲᠤ ᠡᠪᠡᠳᠴᠢᠨ ᠢᠶᠠᠷ ᠦᠬᠦᠭᠰᠡᠨ ᠬᠤᠯᠤᠭᠠᠨ᠎ᠠ ᠶᠢᠨ ᠲᠦᠷᠦᠯ ︵ᠲᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ᠂ ᠦᠨᠡᠭᠡ᠂ ᠨᠣᠬᠠᠢ᠂ ᠮᠤᠤᠷ᠂ ᠵᠡᠭᠡᠷ᠎ᠡ ᠵᠡᠷᠭᠡ ᠠᠮᠢᠲᠠᠨ ᠲᠠᠢ ᠤᠶᠢᠷᠠᠳᠬᠤ︵5︶ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠤᠨ ᠬᠤᠯᠤᠭᠠᠨ᠎ᠠ ᠶᠢᠨ ᠲᠦᠷᠦᠯ ︵ᠲᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠢ ᠵᠡᠷᠭᠡ ᠠᠮᠢᠲᠠᠨ ᠤ ᠨᠦᠭᠡᠨ ᠤ ᠬᠠᠵᠠᠭᠤ ᠳᠤ ᠠᠮᠠᠷᠠᠬᠤ ᠪᠤᠶᠤ ᠨᠦᠬᠡ  ᠶᠢ ᠮᠠᠯᠲᠠᠬᠤ ᠬᠠᠷᠢᠭᠤᠯᠲᠠ᠄ (1) (2) (3) (4) (5) 5. ᠬᠤᠯᠤᠭᠠᠨ᠎ᠠ ᠶᠢᠨ ᠬᠢᠵᠢᠭ ᠤᠨ ᠭᠤᠣᠯ ᠬᠠᠯᠳᠠᠪᠤᠷᠢᠯᠠᠬᠤ ᠡᠬᠢ ᠰᠤᠷᠪᠤᠯᠵᠢ ᠪᠠ ᠬᠠᠯᠳᠠᠪᠤᠷᠢᠯᠠᠬᠤ ᠠᠷᠭ᠎ᠠ ᠵᠠᠮ ᠨᠢ ᠶᠠᠭᠤ ᠪᠣᠶ︖    ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠭᠤᠣᠯ ᠠᠷᠭ᠎ᠠ ᠵᠠᠮ ᠳᠤ ᠳᠣᠣᠷᠠᠬᠢ ᠬᠡᠳᠦᠨ ᠵᠦᠢᠯ ᠪᠠᠭᠲᠠᠨ᠎ᠠ᠄ ︵1︶ ᠨᠣᠬᠠᠢ ᠶᠢᠨ ᠪᠥᠭᠡᠰᠦᠨ ᠳᠤ ᠬᠠᠵᠠᠭᠳᠠᠬᠤ ᠪᠠᠷ ᠳᠠᠮᠵᠢᠨ ᠬᠠᠯᠳᠠᠪᠤᠷᠢᠯᠠᠭᠳᠠᠨ ᠲᠠᠷᠬᠠᠳᠠᠭ᠃ ᠨᠣᠬᠠᠢ ᠶᠢᠨ ᠪᠥᠭᠡᠰᠦ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠪᠤᠶᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠠᠮᠢᠲᠠᠨ ᠢ  ᠬᠠᠵᠠᠭᠰᠠᠨ ᠤ ᠳᠠᠷᠠᠭ᠎ᠠ ᠳᠠᠬᠢᠨ ᠬᠥᠮᠥᠨ ᠢ ᠬᠠᠵᠠᠪᠠᠯ᠂ ᠬᠦᠮᠦᠨ ᠬᠤᠯᠣᠭᠠᠨ᠎ᠠ ᠶᠢᠨ ᠬᠢᠵᠢᠭ ᠳᠤ ᠬᠠᠯᠳᠠᠪᠤᠷᠢᠯᠠᠭᠳᠠᠨ᠎ᠠ᠃︵2︶ ᠰᠢᠭᠤᠳ ᠬᠦᠷᠦᠯᠴᠡᠬᠦ ᠪᠠᠷ ᠳᠠᠮᠵᠢᠨ ᠬᠠᠯᠳᠠᠪᠤᠷᠢᠯᠠᠭᠳᠠᠨ ᠲᠠᠷᠬᠠᠳᠠᠭ᠃ ᠬᠥᠮᠥᠰ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠭᠰᠠᠨ ᠠᠮᠢᠲᠠᠨ ᠢ ᠠᠩᠨᠠᠬᠤ᠂ ᠠᠯᠠᠵᠤ ᠨᠢᠲᠤᠯᠬᠤ᠂ ᠠᠷᠠᠰᠦ ᠶᠢ ᠨᠢ ᠦᠪᠴᠢᠬᠦ ᠦᠶ᠎ᠡ ᠳᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠨᠢ ᠬᠥᠮᠥᠨ ᠤ ᠠᠷᠠᠰᠤᠨ ᠳᠡᠭᠡᠷᠡᠬᠢ ᠰᠢᠷᠬ᠎ᠠ ︵ᠲᠤᠶᠢᠯ ᠤᠨ ᠵᠢᠵᠢᠭ ᠰᠢᠷᠬ᠎ᠠ ᠪᠠᠭᠲᠠᠨ᠎ᠠ︶ ᠪᠠᠷ ᠳᠡᠮᠵᠢᠨ ᠬᠥᠮᠥᠨ ᠤ ᠪᠡᠶ᠎ᠡ ᠳᠤ ᠣᠷᠣᠵᠤ᠂ ᠬᠥᠮᠥᠨ ᠢ ᠬᠠᠯᠳᠠᠪᠤᠷᠢᠯᠠᠭᠤᠯᠳᠠᠭ᠃ ︵3︶ ᠦᠰᠦᠷᠳᠡᠰᠦ ᠪᠠᠷ ᠳᠠᠮᠵᠢᠨ ᠬᠠᠯᠳᠠᠪᠤᠷᠢᠯᠠᠭᠳᠠᠨ ᠲᠠᠷᠬᠠᠳᠠᠭ᠃ ᠠᠭᠤᠰᠬᠢᠨ ᠤ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠪᠤᠶᠤ ᠠᠮᠢᠲᠠᠨ ᠠᠮᠢᠰᠬᠤᠯ᠂ ᠬᠠᠨᠢᠶᠠᠬᠤ ᠪᠠᠷ ᠳᠠᠮᠵᠢᠨ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠶᠢ ᠣᠷᠴᠢᠨ ᠲᠣᠭᠤᠷᠢᠨ ᠤ ᠠᠭᠠᠷ ᠳᠣᠲᠣᠷ᠎ᠠ ᠭᠠᠳᠠᠭᠰᠢᠯᠠᠭᠤᠯᠵᠤ᠂ ᠠᠭᠤᠰᠬᠢᠨ ᠤ ᠬᠤᠯᠤᠭᠠᠨ᠎ᠠ ᠶᠢᠨ ᠬᠢᠵᠢᠭ ᠢ ᠲᠠᠷᠬᠠᠭᠠᠳᠠᠭ᠃ᠬᠠᠷᠢᠭᠤᠯᠲᠠ᠄ (1) (2) (3)     
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号