ᠮᠠᠨ ᠤ ᠬᠤᠲᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠠᠷᠠᠯᠵᠢᠶᠠᠨ ᠤ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2023/11/6
 
   ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠣᠯᠠᠨ ᠲᠦᠮᠡᠨ ᠳᠤ ᠠᠰᠢᠭ ᠬᠦᠷᠲᠡᠭᠡᠪᠡ︾᠃ 11 ᠰᠠᠷ᠎ᠠ ᠶᠢᠨ 4 ᠤ ᠡᠳᠦᠷ᠂ ᠮᠠᠨ ᠤ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠠᠷᠠᠯᠵᠢᠶᠠᠨ ᠤ ᠶᠡᠭᠡ ᠬᠤᠷᠠᠯ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠡᠬᠢᠯᠡᠯᠲᠡ ᠶᠢᠨ ᠶᠣᠰᠣᠯᠠᠯ ᠢ ᠵᠠᠷᠯᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠾᠧᠦ ᠢᠦᠶ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠵᠠᠩ ᠶᠦᠩ ᡁᠢ ᠪᠠᠶᠠᠷ ᠤᠨ ᠦᠭᠡ ᠳᠡᠭᠡᠨ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠴᠢᠩᠳᠠᠯᠠᠵᠤ᠂ ᠳᠡᠭᠡᠳᠦ ᠲᠠᠰ ᠤᠨ ᠣᠷᠣᠨ ᠰᠠᠭᠤᠴᠠ ᠶᠢᠨ ᠲᠣᠭᠤᠷᠢᠭ ᠢ ᠴᠢᠨᠠᠷ ᠰᠠᠶᠢᠲᠠᠶ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠦᠨᠡᠨ ᠬᠦ ᠬᠠᠩᠭᠠᠵᠤ ᠪᠠᠶᠢᠨ᠎ᠠ᠃ ᠲᠣᠰ ᠤᠳᠠᠭᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠠᠷᠠᠯᠵᠢᠶᠠᠨ ᠤ ᠶᠡᠭᠡ ᠬᠤᠷᠠᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠪᠠ ᠠᠷᠠᠳ ᠣᠯᠠᠨ ᠳᠤ ᠠᠰᠢᠭ ᠬᠦᠷᠲᠡᠭᠡᠬᠦ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠦᠯᠵᠢᠶᠡᠨ ᠤ ᠡᠵᠡᠩᠨᠡᠯᠲᠡ᠂ ᠵᠠᠰᠠᠯ ᠴᠢᠮᠡᠭᠯᠡᠯ ᠵᠢᠴᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠢ ᠵᠤᠬᠢᠴᠠᠭᠤᠯᠬᠤ ᠪᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠵᠦ᠂ ᠣᠯᠠᠨ ᠲᠦᠮᠡᠨ ᠳᠤ ᠦᠨᠡᠨ ᠪᠣᠳᠠᠲᠠᠶ ᠠᠰᠢᠭ ᠬᠦᠷᠲᠡᠭᠡᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠬᠡᠷ ᠪᠠᠶᠢᠰᠢᠩ ᠢ ᠰᠠᠷᠢᠭᠠᠯᠠᠬᠤ ᠥᠬᠡᠶ ᠪᠠᠶᠢᠬᠤ᠂ ᠲᠦᠷᠢᠶᠡᠰᠦᠯᠡᠭᠦᠯᠬᠦ ᠪᠠ ᠬᠤᠳᠠᠯᠳᠤᠨ ᠠᠪᠬᠤ ᠶᠢ ᠵᠡᠷᠭᠡ ᠪᠠᠷ ᠬᠡᠷᠡᠭᠵᠢᠭᠦᠯᠬᠦ᠂ ᠬᠤᠲᠠ ᠶᠢᠨ ᠪᠠᠶᠢᠳᠠᠯ ᠳᠤᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠬᠡᠷ ᠪᠠᠶᠢᠰᠢᠩ᠂ ᠰᠠᠶᠢᠨ ᠰᠠᠭᠤᠭᠠᠯᠢ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠦᠴᠦᠯᠡᠬᠦ ᠴᠡᠭ ᠪᠣᠯᠭᠠᠵᠤ᠂ ᠥᠪᠡᠷᠮᠢᠴᠡ ᠣᠨᠴᠠᠯᠢᠭ ᠲᠠᠢ᠂ ᠣᠯᠠᠨ ᠲᠠᠰ ᠳᠠᠪᠬᠤᠷᠭ᠎ᠠ ᠶᠢᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠢᠶᠡᠨ ᠬᠤᠲᠠ ᠶᠢᠨ ᠪᠣᠭᠤᠮᠲᠠ ᠶᠢᠨ ᠠᠷᠠᠳ ᠲᠦᠮᠡᠨ ᠳᠤ ᠪᠤᠶᠠᠨ ᠦᠢᠯᠡᠳᠦᠨ᠎ᠡ᠃    ᠣᠳᠣᠬᠠᠨ ᠪᠣᠯᠲᠠᠯ᠎ᠠ᠂ ᠡᠨᠡ ᠵᠢᠯ ᠪᠥᠬᠦ ᠬᠤᠲᠠ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ 9 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ 1.34 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 5.7 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠠᠷᠢᠯᠭ᠎ᠠ ᠳᠠᠭᠤᠰᠪᠠ᠃ ᠪᠦᠬᠦ ᠵᠢᠯ ᠳᠤ 331 ᠢᠵᠢ ᠲᠠᠸᠠᠷ ᠤᠨ ᠬᠡᠷ ᠪᠠᠶᠢᠰᠢᠩ ᠢ ᠪᠣᠷᠣᠯᠠᠭᠤᠯᠵᠤ᠂ ᠪᠣᠷᠣᠯᠠᠭᠤᠯᠤᠭᠰᠠᠨ ᠲᠠᠯᠠᠪᠠᠶ ᠨᠢ 53716 ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠬᠡᠮᠵᠢᠶ᠎ᠡ ᠨᠢ 1.81 ᠳ᠋ᠦᠩᠰᠢᠭᠤᠷ ᠲᠥᠭᠦᠷᠢᠭ ᠲᠤ ᠬᠦᠷᠴᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠵᠤ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠶᠡᠭᠡ ᠬᠤᠷᠠᠯ ᠨᠢ ︽ᠣᠷᠣᠰᠢᠨ ᠰᠠᠭᠤᠬᠤ ᠳᠤ ᠲᠣᠬᠢᠷᠠᠮᠵᠢᠲᠠᠶ ᠡᠷᠢᠶᠡᠨ ᠤ ᠵᠢᠷᠭᠠᠯᠠᠩᠲᠤ ᠠᠮᠢᠳᠤᠷᠠᠯ︾ ᠢᠶᠠᠷ ᠭᠤᠤᠯ ᠰᠡᠳᠦᠪ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ 11 ᠰᠠᠷ᠎ᠠ ᠶᠢᠨ 4 ᠤ ᠡᠳᠦᠷ ᠠᠴᠠ ᠡᠬᠢᠯᠡᠨ 11 ᠰᠠᠷ᠎ᠠ ᠶᠢᠨ 8 ᠤ ᠡᠳᠦᠷ ᠪᠣᠯᠲᠠᠯ᠎ᠠ ᠳᠠᠭᠤᠰᠤᠨ᠎ᠠ᠃ ᠲᠤᠬᠠᠢ ᠶᠢᠨ ᠲᠠᠯᠠᠪᠠᠢ ᠳᠤ ᠭᠤᠷᠪᠠᠨ ᠶᠡᠭᠡ ᠦᠵᠡᠭᠦᠯᠭᠡ ᠶᠢᠨ ᠲᠣᠭᠤᠷᠢᠭ ᠬᠤᠪᠢᠶᠠᠵᠤ᠂ 32 ᠦᠵᠡᠭᠦᠯᠭᠡ ᠶᠢᠨ ᠪᠠᠶᠢᠷᠢ ᠲᠤᠬᠢᠷᠠᠭᠤᠯᠪᠠ᠃ ᠪᠦᠬᠦ ᠬᠤᠲᠠ ᠶᠢᠨ ᠪᠠᠩᠬᠢ ᠶᠢᠨ ᠦᠢᠯᠡᠰ ᠤᠨ 6 ᠮᠥᠩᠭᠦᠨ ᠭᠦᠢᠯᠭᠡᠭᠡᠨ ᠤ ᠪᠠᠶᠢᠭᠤᠯᠤᠮᠵᠢ᠂ 7 ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ 3 ᠭᠡᠷ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠪᠠᠶᠢᠭᠤᠯᠤᠮᠵᠢ᠂ 10 ᠭᠠᠷᠤᠢ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠠᠢ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠣᠭᠤᠷᠢᠨ ᠳᠡᠯᠭᠡᠨ ᠦᠵᠡᠭᠦᠯᠵᠦ᠂ ᠠᠵᠤ ᠠᠬᠤᠶᠢᠯᠠᠯ ᠤᠨ ᠦᠵᠡᠰᠬᠦᠯᠡᠩ ᠳᠤ ᠣᠷᠣᠯᠴᠠᠬᠤ᠂ ᠪᠣᠷᠣᠯᠠᠭᠤᠯᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号