ᠤᠯᠤᠰ ᠤᠨ ᠡᠭᠦᠳᠡᠨ ᠤ ᠲᠡᠷᠭᠡᠳᠡᠬᠢ ᠳᠤᠮᠳᠠᠳᠤ ᠡᠸᠦ᠋ᠷᠦᠫᠡ ᠶᠢᠨ  ᠡᠭᠡᠯᠵᠢ ᠶᠢᠨ  ᠭᠠᠯᠲᠤ  ᠲᠡᠷᠭᠡᠨ ᠤ  ︽  ᠲᠤᠳᠤᠨᠦ ᠬᠠᠮᠠᠭᠠᠯᠠᠭᠴᠢ︾
ᠨᠡᠶᠢᠲᠡᠯᠡᠭᠰᠡᠨ ᠴᠠᠭ᠄
2023/11/6
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ  ᠄        ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ  ᠲᠡᠷᠭᠡᠨ ᠤ ᠳᠤᠮᠳᠠ  ᠵᠠᠮ ᠤᠨ  ᠨᠡᠪᠳᠡᠷᠡᠯᠳᠡ ᠶᠢᠨ ᠴᠣᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠠᠶᠢᠵᠤ᠂  ᠪᠥᠬᠦ ᠵᠢᠯ  ᠤᠨ 365 ᠡᠳᠦᠷ  ᠳᠤ ᠪᠣᠭᠤᠮᠲᠠ ᠪᠠᠷ ᠥᠩᠭᠡᠷᠡᠨ᠎ᠡ᠃   ᠠᠳᠡᠬᠢ  ᠶᠢ ᠰᠠᠬᠢᠨ ᠰᠠᠭᠤᠭ᠎ᠠ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ  ᠪᠣᠭᠤᠮᠲᠠ ᠶᠢᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ  ᠲᠡᠷᠭᠡᠨ ᠳᠤ 24 ᠴᠠᠭ ᠤᠨ ᠪᠦᠬᠦᠯᠢ ᠡᠳᠦᠷ ᠤᠨ ᠪᠣᠭᠤᠮᠲᠠ ᠥᠩᠭᠡᠷᠡᠬᠦ ᠦᠢᠯᠡᠴᠢᠯᠡᠭᠡ ᠬᠠᠩᠭᠠᠵᠤ  ᠂ ᠪᠣᠭᠤᠮᠲᠠ ᠶᠢᠨ ᠰᠠᠭᠠᠳ ᠦᠭᠡᠢ  ᠂ ᠡᠮᠬᠢ ᠵᠢᠷᠤᠮ ᠲᠠᠢ ᠥᠩᠭᠡᠷᠡᠬᠦ ᠶᠢ   ᠪᠠᠳᠤᠯᠠᠵᠦ ᠪᠠᠶᠢᠨ᠎ᠠ  ᠃  ᠲᠠᠶᠢᠯᠪᠦᠷᠢ᠄          ᠣᠷᠣᠢ ᠶᠢᠨ 8 ᠴᠠᠭ ᠲᠤ᠂ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ ᠵᠢᠵᠢᠭᠦᠷᠯᠡᠬᠦ ᠴᠡᠭ ᠲᠤ ᠴᠠᠭ ᠲᠠᠭᠠᠨ ᠢᠷᠡᠵᠦ  ᠂ ᠨᠢᠭᠡ ᠡᠭᠡᠯᠵᠢ  ᠪᠠᠨ ᠰᠣᠯᠢᠵᠤ᠂ ᠰᠥᠨᠢ ᠶᠢᠨ ᠵᠢᠵᠢᠭᠦᠷ  ᠢᠶᠠᠨ ᠡᠬᠢᠯᠡᠭᠦᠯᠪᠡ  ᠃          ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ᠄                   ᠮᠠᠨ ᠤ ᠡᠭᠡᠯᠵᠢ ᠰᠤᠯᠢᠬᠤ ᠬᠡᠯᠪᠡᠷᠢ ᠪᠣᠯ ᠥᠷᠯᠥᠭᠡ ᠶᠢᠨ 8 ᠴᠠᠭ ᠠᠴᠠ ᠣᠷᠣᠢ ᠶᠢᠨ 8 ᠴᠠᠭ ᠲᠤ ᠡᠭᠡᠯᠵᠢ  ᠰᠣᠯᠢᠨ᠎ᠠ᠂  ᠨᠡᠶᠢᠳᠡ 4 ᠳᠤᠭᠤᠶᠢᠯᠠᠩ ᠬᠤᠪᠢᠶᠠᠵᠤ᠂ ᠳᠤᠭᠤᠶᠢᠯᠠᠩ ᠪᠦᠷᠢ 12 ᠴᠠᠭ ᠵᠢᠵᠢᠭᠦᠷᠯᠡᠳᠡᠭ᠃          ᠦᠳᠡᠰᠢ ᠠᠴᠠ ᠰᠥᠨᠢ ᠳᠦᠯᠢ ᠪᠣᠯᠲᠠᠯ᠎ᠠ ᠵᠢᠵᠢᠭᠦᠷ ᠤᠨ ᠲᠤᠬᠠᠢ ᠶᠢᠨ ᠲᠠᠯᠠᠪᠠᠢ  ᠳᠤ ᠳ᠋ᠧᠩ ᠤᠨ ᠭᠡᠷᠡᠯ  ᠭᠡᠷᠡᠯᠳᠦᠵᠦ᠂  ᠲᠦᠪ ᠰᠦᠷᠯᠢᠭ ᠤᠯᠤᠰ ᠤᠨ  ᠡᠭᠦᠳᠡ ᠪᠠᠷ ᠭᠠᠯᠳᠦ ᠲᠡᠷᠭᠡ  ᠲᠠᠰᠤᠷᠠᠯᠲᠠ ᠦᠭᠡᠢ ᠣᠷᠣᠵᠤ ᠭᠠᠷᠤᠨ᠎ᠠ᠃  ᠶᠠᠩ ᠪᠢᠩ  ᠲᠤᠭᠤᠶᠢᠯᠠᠩ ᠤᠨ ᠭᠡᠰᠢᠭᠦᠨ ᠲᠠᠢ ᠪᠠᠨ  ᠨᠠᠰᠢ ᠴᠠᠰᠢ ᠶᠠᠪᠤᠵᠤ ᠲᠣᠭᠤᠷᠢᠨ ᠪᠠᠶᠢᠴᠠᠭᠠᠵᠤ᠂ ᠲᠤᠬᠠᠢ ᠶᠢᠨ ᠲᠠᠯᠠᠪᠤᠷ ᠤᠨ ᠭᠤᠭᠴᠤᠭ᠎ᠠ ᠨᠢᠭᠡᠪᠦᠷᠢ ᠶᠢ  ᠠᠵᠢᠭᠯᠠᠨ ᠡᠵᠡᠮᠳᠡᠵᠦ ᠪᠠᠶᠢᠯ᠎ᠠ᠃         ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ᠄ ᠪᠢᠳᠡ ᠣᠲᠣ ᠡᠳᠦᠷ ᠪᠦᠷᠢ ᠳᠤᠮᠳᠠᠴᠢ ᠪᠠᠷ 46  ᠡᠭᠡᠯᠵᠢ ᠤᠳᠠᠭ᠎ᠠ ᠪᠠᠶᠢᠴᠠᠭᠠᠨ ᠰᠢᠯᠭᠠᠵᠤ ᠪᠠᠶᠢᠨ᠎ᠠ᠂ ᠬᠠᠮᠤᠭ  ᠠᠷᠪᠢᠨ ᠳᠠᠭᠠᠨ  ᠡᠳᠦᠷ  ᠲᠤ  52  ᠡᠭᠡᠯᠵᠢ ᠤᠳᠠᠭ᠎ᠠ ᠪᠠᠶᠢᠴᠠᠭᠠᠨ ᠰᠢᠯᠭᠠᠵᠤ ᠪᠠᠶᠢᠨ᠎ᠠ᠃        ᠭᠠᠯᠲᠤ ᠲᠡᠷᠭᠡᠨ ᠤ ᠵᠠᠯᠭᠠᠯᠲᠠ ᠶᠢᠨ ᠬᠡᠰᠡᠭ᠂ ᠳᠣᠣᠷ᠎ᠠ ᠬᠡᠰᠡᠭ ᠨᠢ ᠤᠳᠠᠭ᠎ᠠ  ᠪᠤᠯᠭᠠᠨ ᠤ ᠭᠤᠣᠯᠳᠠᠯᠭ᠎ᠠ ᠲᠠᠢ ᠪᠠᠶᠢᠴᠠᠭᠠᠬᠤ ᠬᠡᠰᠡᠭ ᠪᠠᠶᠢᠵᠤ᠂ ᠬᠢᠨᠠᠨ ᠡᠵᠡᠮᠳᠡᠬᠦ ᠶᠠᠪᠤᠴᠠ ᠳᠤ  ᠠᠰᠠᠭᠤᠳᠠᠯ ᠲᠠᠢ ᠪᠠᠶᠢᠬᠤ ᠶᠢ ᠣᠯᠵᠤ ᠮᠡᠳᠡᠪᠡᠯ᠂ ᠠᠷᠠᠳ ᠤᠨ ᠴᠠᠭᠳᠠᠭ᠎ᠠ  3 ᠮᠧᠲᠷ ᠥᠨᠳᠥᠷ ᠸᠠᠭᠤᠨ ᠳᠤ ᠠᠪᠠᠷᠢᠨ ᠭᠠᠷᠴᠤ  ᠶᠠᠮᠠᠷ ᠴᠤ ᠨᠠᠷᠢᠨ ᠵᠦᠢᠯᠡᠰ ᠢ  ᠣᠷᠬᠢᠭᠳᠠᠭᠤᠯᠬᠤ ᠦᠭᠡᠢ  ᠪᠠᠶᠢᠴᠠᠭᠠᠳᠠᠭ᠃ ᠠᠳᠡ ᠰᠠᠭᠤᠭ᠎ᠠ ᠠᠷᠠᠳ ᠤᠨ ᠴᠠᠭᠳᠠᠭ᠎ᠠ ᠡᠳᠦᠷ ᠪᠦᠷᠢ 40 ᠭᠠᠷᠤᠢ ᠭᠠᠯᠲᠤ ᠲᠡᠷᠭᠡ᠂ 2400 ᠭᠠᠷᠤᠢ ᠸᠠᠭᠤᠨ ᠢ ᠪᠠᠶᠢᠴᠠᠭᠠᠳᠠᠭ᠃          ᠶᠠᠩ ᠪᠢᠩ ᠴᠡᠷᠢᠭ ᠲᠤ ᠣᠷᠣᠭᠰᠠᠨ  18 ᠨᠠᠰᠤᠨ ᠠᠴᠠ ᠪᠠᠨ  ᠡᠷᠢᠶᠡᠨ ᠪᠣᠭᠤᠮᠲᠠ ᠳᠤ  ᠢᠷᠡᠵᠦ  ᠂ 20 ᠭᠠᠷᠤᠢ ᠵᠢᠯ ᠬᠢᠯᠢ ᠶᠢᠨ ᠬᠠᠮᠠᠭᠠᠯᠠᠯᠲᠠ ᠶᠢᠨ ᠠᠵᠢᠯ   ᠬᠢᠭᠰᠡᠨ ᠪᠠᠶᠢᠨ᠎ᠠ᠃   ᠲᠤᠮᠳᠠᠳᠤ  ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡᠨ ᠤ ᠡᠬᠢᠯᠡᠵᠦ ᠨᠡᠪᠳᠡᠷᠡᠭᠰᠡᠨ ᠠᠴᠠ ᠠᠪᠤᠭᠠᠳ ᠰᠢᠭᠤᠷᠬᠠᠢ ᠨᠡᠪᠳᠡᠷᠡᠬᠦ ᠪᠤᠯᠳᠠᠯ᠎ᠠ ᠲᠡᠷᠡ  ᠤᠷᠤᠯᠴᠠᠵᠠᠢ᠃  ᠪᠠᠶᠢᠴᠠᠭᠠᠨ ᠰᠢᠯᠭᠠᠬᠤ ᠠᠷᠭ᠎ᠠ ᠪᠠᠷᠢᠯ ᠲᠠᠰᠤᠷᠠᠯᠲᠠ ᠦᠭᠡᠢ ᠣᠶᠤᠨᠴᠢᠯᠠᠬᠤ ᠶᠢ ᠳᠠᠭᠠᠯᠳᠤᠨ᠂ ᠲᠡᠮᠦᠷ ᠵᠠᠮ ᠤᠨ ᠵᠢᠵᠢᠭᠦᠷᠯᠡᠬᠦ ᠲᠤᠬᠠᠢ ᠶᠢᠨ ᠲᠠᠯᠠᠪᠠᠶ  ᠵᠢᠴᠢ ᠤᠯᠤᠰ ᠤᠨ ᠡᠭᠦᠳᠡ ᠶᠢᠨ ᠬᠢᠨᠠᠨ ᠬᠠᠮᠠᠭᠠᠯᠠᠬᠤ ᠲᠣᠭᠤᠷᠢᠭ ᠲᠤ  ᠬᠢᠨᠠᠨ ᠡᠵᠡᠮᠳᠡᠬᠦ ᠰᠢᠰᠲ᠋ᠧᠮ ᠲᠠᠢ ᠪᠣᠯᠵᠤ᠂ ᠠᠷᠠᠳ ᠤᠨ ᠴᠠᠭᠳᠠᠭ᠎ᠠ ᠨᠠᠷ ︽ᠡᠯᠧᠺᠲᠷᠣᠨ ᠬᠠᠷᠠᠭᠤᠯ ᠤᠨ ᠴᠡᠷᠢᠭ︾ ᠢ ᠡᠵᠡᠮᠳᠡᠪᠡᠯ   ᠡᠭᠡᠯᠵᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂  ᠪᠠᠶᠢᠴᠠᠭᠠᠨ ᠰᠢᠯᠭᠠᠬᠤ ᠴᠠᠭ ᠢ ᠠᠷᠪᠢᠯᠠᠵᠤ᠂  ᠡᠭᠡᠯᠵᠢ ᠶᠢᠨ  ᠭᠠᠯᠳᠦ  ᠲᠡᠷᠭᠡᠨ ᠤ ᠪᠣᠭᠤᠮᠲᠠ ᠪᠠᠷ ᠥᠩᠭᠡᠷᠡᠬᠦ ᠴᠠᠭ ᠢ 45 ᠮᠢᠨᠦ᠋ᠲ ᠪᠠᠶᠢᠭᠰᠠᠨ ᠠᠴᠠ 20 ᠮᠢᠨᠦ᠋ᠲ ᠪᠣᠯᠭᠠᠨ ᠪᠣᠭᠤᠨᠢᠰᠬᠠᠭᠰᠠᠨ ᠪᠠᠶᠢᠨ᠎ᠠ᠃          ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ  ᠄           ᠬᠠᠮᠤᠭ ᠡᠷᠲᠡ ᠳᠡᠭᠡᠨ ᠪᠢᠳᠡ ᠪᠦᠷ ᠲᠡᠷᠭᠡᠨ ᠳᠡᠭᠡᠷ᠎ᠡ ᠮᠠᠴᠤᠵᠤ ᠪᠠᠶᠢᠭᠰᠠᠨ᠂ ᠢᠯᠠᠩᠭᠤᠶ᠎ᠠ ᠡᠪᠦᠯ ᠳᠡᠭᠡᠨ ᠬᠦᠢᠲᠡᠨ᠂ ᠵᠣᠨ ᠳᠠᠭᠠᠨ ᠪᠠᠰᠠ ᠬᠠᠯᠠᠭᠤᠨ ᠪᠠᠶᠢᠠᠠᠰᠡᠨ ᠴᠤ ᠪᠠᠶᠢᠴᠠᠭᠠᠳᠠᠭ᠃ ᠡᠷᠢᠶᠡᠨ ᠪᠣᠭᠤᠮᠲᠠ ᠶᠢᠨ ᠣᠶᠢᠷ᠎ᠠ ᠶᠢᠨ  ᠵᠢᠯ ᠤᠨ ᠬᠥᠭᠵᠢᠯᠲᠡ ᠪᠠᠷ ᠳᠡᠮᠵᠢᠨ᠂ ᠮᠠᠨ ᠤ ᠣᠲᠣ ᠶᠢᠨ ᠳ᠋ᠧᠩ ᠤᠨ ᠲᠠᠯᠪᠢᠭᠤᠷ ᠳᠡᠭᠡᠷᠡᠬᠢ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠲᠠᠢ ᠠᠳᠠᠯᠢ ᠪᠠᠷ᠂ ᠬᠥᠮᠥᠨ ᠤ ᠬᠦᠴᠦ ᠪᠠᠷ ᠪᠠᠶᠢᠴᠠᠭᠠᠬᠤ   ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠠᠭᠠᠨ ᠳᠠᠪᠲᠠᠮᠵᠢ ᠶᠢᠨ ︵ᠬᠢᠨᠠᠨ ᠡᠵᠡᠮᠳᠡᠬᠦ︶ ᠪᠠᠶᠢᠴᠠᠭᠠᠯᠲᠠ  ᠪᠤᠯᠭᠠᠨ ᠦᠭᠡᠷᠡᠴᠢᠯᠡᠵᠠᠢ᠃          ︽ᠳᠤᠮᠳᠠᠳᠤ ᠤᠯᠤᠰ ᠤᠨ  ᠤᠶᠢᠯᠡᠳᠪᠦᠷᠢᠯᠡᠭᠰᠡᠨ︾  ᠪᠠᠷᠠᠭ᠎ᠠ ᠶᠢ  ᠲᠦᠭᠦᠷᠳᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ ᠠᠳᠡ ᠠᠴᠠ ᠲᠦᠮᠡᠨ ᠭᠠᠵᠠᠷ ᠤᠨ ᠠᠯᠤᠰ ᠲᠠᠬᠢ ᠠᠽᠢᠶ᠎ᠠ ᠡᠸᠦ᠋ᠷᠦᠫᠡ ᠶᠢᠨ ᠡᠯ᠎ᠡ ᠤᠯᠤᠰ ᠲᠤ ᠬᠦᠷᠪᠡ᠃  ᠵᠢᠵᠢᠭᠦᠷᠯᠡᠬᠦ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠨᠠᠷ 365 ᠡᠳᠦᠷ  ᠲᠤ 24 ᠴᠠᠭ ᠢᠶᠠᠷ ᠪᠠᠲᠤ ᠰᠠᠬᠢᠵᠤ᠂  ᠡᠭᠡᠯᠵᠢ ᠶᠢᠨ ᠭᠠᠯᠲᠤ ᠲᠡᠷᠭᠡ ᠶᠢ ᠴᠠᠭ ᠲᠤᠬᠠᠢ ᠳᠤᠨᠢ ᠪᠠᠶᠢᠴᠠᠭᠠᠬᠤ᠂  ᠴᠠᠭ ᠲᠤᠬᠠᠢ ᠳᠤᠨᠢ ᠶᠠᠪᠤᠭᠤᠯᠬᠤ ᠶᠢ ᠪᠠᠲᠤᠯᠠᠵᠤ᠂ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ  ᠲᠡᠷᠭᠡᠨ ᠤ ︽ ᠰᠢᠭᠤᠷᠬᠠᠢ ᠨᠠᠪᠳᠡᠷᠡᠬᠦ ᠳᠤ︾  ᠬᠦᠴᠦ ᠨᠡᠮᠡᠷᠢᠯᠡᠪᠡ᠃       ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ  ᠄            ᠪᠢᠳᠡ ᠤᠯᠤᠰ ᠤᠨ ᠲᠥᠯᠥᠭᠡ ᠪᠣᠭᠤᠮᠲᠠ  ᠰᠠᠶᠢᠨ ᠰᠠᠬᠢᠵᠦ᠂ ᠢᠯᠠᠩᠭᠤᠶ᠎ᠠ ᠬᠢᠯᠢ ᠪᠠᠷ ᠣᠷᠣᠵᠤ ᠭᠠᠷᠬᠤ ᠭᠠᠯᠲᠤ ᠲᠡᠷᠭᠡᠨ ᠤ ᠵᠠᠷᠢᠮ ᠡᠳ᠋ ᠪᠠᠷᠠᠭ᠎ᠠ᠂ ᠪᠠᠰᠠ ᠬᠢᠯᠢ ᠪᠠᠷ ᠣᠷᠣᠵᠤ ᠭᠠᠷᠬᠤ  ᠬᠥᠮᠥᠰ ᠢ  ᠴᠢᠩᠭ᠎ᠠ ᠪᠠᠶᠢᠴᠠᠭᠠᠨ ᠰᠢᠯᠭᠠᠵᠤ᠂ ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ ᠶᠢ  ᠪᠠᠳᠦ ᠰᠠᠬᠢᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号