ᠮᠠᠨ ᠤ ᠬᠤᠲᠠ ᠮᠠᠯᠴᠢᠨ ᠲᠠᠷᠢᠶᠠᠴᠢᠨ ᠡᠷᠦᠬᠡ ᠳᠤ 2  ᠲᠤᠨ  ᠬᠢᠮᠳᠠ ᠦᠨ᠎ᠡ ᠶᠢᠨ ᠨᠡᠭᠦᠷᠡᠰᠦ  ᠲᠦᠭᠡᠭᠡᠭᠰᠡᠨ
ᠨᠡᠶᠢᠲᠡᠯᠡᠭᠰᠡᠨ ᠴᠠᠭ᠄
2023/11/6
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄         ᠡᠪᠦᠯ ᠤᠨ ᠤᠯᠠᠷᠢᠯ ᠤᠶᠢᠷᠠᠳᠬᠤ ᠶᠢ ᠲᠠᠭᠠᠯᠳᠤᠨ  ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ   ᠠᠴᠠ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ  ᠪᠠᠳᠤᠯᠠᠭ᠎ᠠ ᠬᠠᠩᠭᠠᠬᠤ ᠶᠢᠨ ᠲᠥᠯᠥᠭᠡ᠂ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ᠂ ᠨᠡᠭᠦᠷᠡᠰᠦᠨ ᠤ ᠢᠷᠡᠯᠲᠡ ᠶᠢ  ᠨᠠᠶᠢᠳᠠᠪᠤᠷᠢᠵᠢᠭᠤᠯᠵᠤ᠂ ᠬᠤᠲᠠ ᠶᠢᠨ  ᠭᠡᠷᠡᠯᠳᠦᠡᠣᠳᠦ ᠰᠤᠮᠤᠨ ᠤ 789 ᠮᠠᠯᠴᠢᠨ ᠲᠠᠷᠢᠶᠠᠴᠢᠨ  ᠡᠷᠦᠬᠡ   ᠳᠤ  2 ᠲᠣᠨ  ᠬᠢᠮᠳᠡ ᠦᠨ᠎ᠡ ᠶᠢᠨ ᠨᠡᠭᠦᠷᠡᠰᠦ   ᠲᠦᠭᠡᠭᠡᠵᠠᠢ᠃ᠲᠠᠶᠢᠯᠪᠦᠷᠢ  ᠄        10 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ ᠬᠢᠮᠳᠡ ᠦᠨ᠎ᠡ ᠶᠢᠨ ᠨᠡᠭᠦᠷᠡᠰᠦ  ᠲᠦᠭᠡᠭᠡᠬᠦ ᠠᠵᠢᠯ ᠵᠢᠩᠬᠢᠨᠢ ᠪᠠᠷ   ᠡᠬᠢᠯᠡᠯ᠎ᠠ᠃᠂ ᠨᠢᠭᠡᠳᠦᠭᠡᠷ ᠪᠦᠯᠦᠭ ᠨᠡᠭᠦᠷᠡᠰᠦ ᠶᠢ ᠬᠤᠲᠠ ᠶᠢᠨ  ᠭᠡᠷᠡᠯᠳᠦᠡᠣᠳᠦ ᠰᠤᠮᠤᠨ ᠤ ᠡᠷᠳᠡᠨᠢᠭᠤᠪᠢ ᠭᠠᠴᠠᠭᠠᠨ ᠤ ᠮᠠᠯᠴᠢᠳ  ᠲᠤ ᠲᠦᠭᠡᠭᠡᠵᠦ᠂ ᠳᠠᠷᠠᠭ᠎ᠠ ᠨᠢ ᠡᠯ᠎ᠡ  ᠭᠠᠴᠠᠭᠠᠨ ᠳᠤ ᠪᠦᠯᠦᠭ ᠬᠤᠪᠢᠶᠠᠨ  ᠲᠦᠭᠡᠭᠡᠨ᠎ᠡ᠃  ᠮᠡᠳᠡᠭᠳᠡᠯ ᠢ ᠣᠯᠣᠭᠰᠠᠨ ᠤ ᠲᠠᠷᠠᠭ᠎ᠠ᠂ ᠮᠠᠯᠴᠢᠳ ᠮᠠᠰᠢᠨ ᠲᠡᠷᠭᠡ ᠪᠠᠷ ᠲᠣᠭᠲᠠᠭᠰᠠᠨ ᠭᠠᠵᠠᠷ ᠲᠤ ᠬᠦᠷᠴᠦ ᠨᠡᠭᠦᠷᠡᠰᠦ  ᠪᠠᠨ  ᠠᠪᠴᠦ ᠪᠠᠶᠢᠯ᠎ᠠ᠃ ᠰᠤᠷᠪᠤᠯᠵᠢᠯᠠᠭᠴᠢ ᠲᠤᠬᠠᠢ ᠶᠢᠨ ᠲᠠᠯᠠᠪᠤᠷ ᠲᠤ  ᠬᠦᠷᠬᠦ ᠳᠤ᠂ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠮᠠᠯᠴᠢᠨ ᠲᠠᠷᠢᠶᠠᠴᠢᠳ ᠪᠢᠯᠧᠲ ᠢᠶᠠᠷ  ᠬᠤᠶᠠᠷ ᠲᠤᠨ ᠨᠡᠭᠦᠷᠡᠰᠦ ᠪᠠᠨ ᠲᠡᠷᠭᠡᠨ ᠳᠤ ᠪᠠᠨ ᠲᠡᠭᠡᠭᠡᠵᠦ ᠶᠠᠭᠠᠷᠠᠯᠳᠦᠵᠦ ᠪᠠᠶᠢᠯ᠎ᠠ᠃          ᠣᠶᠢᠯᠠᠭᠠᠭᠰᠠᠨ ᠢᠶᠠᠷ᠂ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠦᠨ᠎ᠡ ᠦᠷᠭᠦᠯᠵᠢᠯᠡᠨ ᠥᠰᠬᠦ ᠶᠢ ᠳᠠᠭᠠᠯᠳᠤᠨ᠂ ᠨᠡᠭᠦᠷᠡᠰᠦ ᠲᠦᠯᠡᠵᠦ   ᠪᠠᠶᠢᠭ᠎ᠠ ᠮᠠᠯᠴᠢᠨ ᠲᠠᠷᠢᠶᠠᠴᠢᠨ ᠤ ᠠᠮᠢᠳᠤᠷᠠᠯ ᠤᠨ ᠵᠠᠷᠤᠯᠭ᠎ᠠ   ᠨᠡᠮᠡᠭᠳᠡᠵᠠᠢ᠃ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠦᠢᠯᠡᠳᠪᠦᠷᠢᠯᠡᠯ ᠤᠨ ᠢᠯᠴᠢ ᠶᠢᠨ ᠬᠡᠮᠵᠢᠭᠳᠡᠯ ᠢᠶᠠᠷ ᠬᠠᠮᠤᠭ  ᠥᠨᠳᠥᠷ᠂ ᠬᠡᠰᠡᠭ ᠤᠨ ᠨᠣᠷᠮ᠎ᠠ ᠪᠠᠷ ᠬᠠᠮᠤᠭ  ᠰᠠᠶᠢᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ  ᠡᠷᠡᠯᠬᠢᠯᠡᠵᠦ ᠪᠠᠶᠢᠭᠠᠳ ᠮᠠᠯᠴᠢᠨ ᠲᠠᠷᠢᠶᠠᠴᠢᠨ ᠳᠤ  ᠲᠣᠨ ᠪᠦᠷᠢ  720 ᠲᠥᠭᠦᠷᠢᠭ ᠤᠨ ᠨᠡᠭᠦᠷᠡᠰᠦ  ᠲᠦᠭᠡᠭᠡᠵᠦ  ᠂ ᠡᠷᠦᠬᠡ  ᠪᠤᠯᠭᠠᠨ ᠳᠤ 2 ᠲᠣᠨ ᠂ ᠨᠡᠶᠢᠲᠡ 1578 ᠲᠣᠨ  ᠨᠡᠭᠦᠷᠡᠰᠦ  ᠲᠦᠭᠡᠭᠡᠵᠦ᠂ ᠮᠠᠯᠴᠢᠨ ᠲᠠᠷᠢᠶᠠᠴᠢᠨ ᠤ ᠲᠤᠯᠠᠭᠠᠯᠭ᠎ᠠ ᠶᠢᠨ ᠠᠰᠠᠭᠤᠳᠠᠯ ᠢ  ᠰᠢᠢᠳᠪᠦᠷᠢᠯᠡᠵᠦ᠂  ᠮᠠᠯᠴᠢᠨ ᠲᠠᠷᠢᠶᠠᠴᠢᠳ ᠤᠨ ᠰᠡᠳᠬᠢᠯ  ᠢ   ᠲᠤᠯᠠᠭᠠᠴᠠᠭᠤᠯᠵᠠᠢ  ᠃        
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号