ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠬᠤᠷᠠᠯ  ᠬᠤᠷᠠᠯᠳᠤᠠᠠᠰᠡᠨ
ᠨᠡᠶᠢᠲᠡᠯᠡᠭᠰᠡᠨ ᠴᠠᠭ᠄
2023/11/6
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄       10 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ  ᠬᠤᠷᠠᠯ ᠬᠤᠷᠠᠯᠳᠤᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠳᠡᠭᠡᠳᠦ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠩᠭᠡᠷᠡᠭᠰᠡᠨ ᠨᠢᠭᠡ ᠬᠤᠭᠤᠴᠠᠭᠠᠨ ᠤ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ  ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠵᠠᠢ᠃ ᠲᠠᠶᠢᠯᠪᠦᠷᠢ᠄        ᠬᠤᠷᠠᠯ  ᠳᠤ  ᠴᠢᠩᠭᠠᠳᠬᠠᠬᠤ  ᠳᠠᠭᠠᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ  ᠪᠠᠶᠢᠭᠤᠯᠭ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠲᠠᠨᠢᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂  ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠥᠨ ᠤ  ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ  ᠨᠡᠮᠡᠭᠳᠡᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠶᠢ ᠤᠰᠠᠳᠬᠠᠬᠤ ᠶᠢ  ᠰᠠᠶᠢᠲᠤᠷ ᠬᠢᠵᠦ  ᠡᠮᠨᠡᠯᠭᠡ ᠶᠢᠨ ᠠᠵᠢᠯᠲᠠᠳ ᠤᠨ ᠣᠨᠣᠰᠢᠯᠠᠨ ᠡᠮᠨᠡᠬᠦ ᠲᠦᠪᠰᠢᠨ ᠪᠣᠯᠣᠨ ᠰᠡᠷᠭᠡᠶᠢᠯᠡᠨ ᠡᠵᠡᠮᠳᠡᠬᠦ  ᠴᠢᠳᠠᠪᠤᠷᠢ ᠶᠢ ᠳᠡᠭᠡᠭᠰᠢᠯᠡᠭᠦᠯᠵᠦ᠂ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠶᠢ  ᠪᠡᠶᠡᠯᠡᠭᠦᠯᠬᠦ ᠬᠡᠷᠡᠭᠲᠡᠢ᠃ ᠲᠤᠷᠰᠢᠯᠭ᠎ᠠ ᠰᠤᠷᠭᠠᠮᠵᠢ ᠠᠪᠴᠤ᠂ ᠤᠷᠢᠳᠴᠢᠯᠠᠨ ᠪᠠᠶᠢᠴᠠᠭᠠᠨ ᠣᠨᠣᠰᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠨ᠂  ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠬᠠᠯᠳᠠᠪᠤᠷᠢᠲᠤ ᠡᠪᠡᠳᠴᠢᠲᠡᠨ ᠢ ᠰᠢᠯᠵᠢᠭᠦᠯᠦᠨ ᠣᠨᠣᠰᠢᠯᠠᠬᠤ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠰᠢᠯᠵᠢᠭᠦᠯᠦᠨ ᠣᠨᠣᠰᠢᠯᠠᠬᠤ ᠶᠢ ᠡᠷᠡᠰ ᠬᠤᠷᠢᠭᠯᠠᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ  ᠡᠵᠡᠮᠳᠡᠬᠦ ᠶᠢ ᠴᠢᠩᠭᠠᠳᠬᠠᠵᠤ᠂ ︽ ᠭᠤᠷᠪᠡ ᠪᠤᠯᠬᠤ ᠦᠭᠡᠢ︾᠂ ︽ᠭᠤᠷᠪᠠ ᠶᠢ ᠴᠢᠬᠤᠯᠠᠴᠢᠯᠠᠬᠤ︾᠂ ︽ᠭᠤᠷᠪᠠ ᠶᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号