【 ᠮᠢᠨᠦ ᠳᠡᠷᠭᠡᠳᠡᠬᠢ ᠰᠢᠨ᠎ᠡ ᠬᠤᠪᠢᠷᠠᠯᠲᠠ 】 ᠪᠣᠭᠤᠮᠲᠠ ᠶᠢᠨ ᠰᠦᠯᠵᠢᠶᠡᠨ ᠤ ᠨᠡᠷᠡᠳᠦ ᠦᠵᠡᠮᠵᠢ ᠶᠢᠨ ᠣᠷᠣᠨ ︕ ︽  ᠬᠤᠪᠢᠰᠬᠠᠯ ᠤᠨ ᠦᠷ᠎ᠡ︾ ᠶᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠦᠨ᠎ᠡ
ᠨᠡᠶᠢᠲᠡᠯᠡᠭᠰᠡᠨ ᠴᠠᠭ᠄
2023/11/7
   11 ᠰᠠᠷ᠎ᠠ ᠶᠢᠨ 4 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠮᠢᠨᠦ ᠳᠡᠷᠭᠡᠳᠡᠬᠢ ᠰᠢᠨ᠎ᠡ ᠬᠤᠪᠢᠷᠠᠯᠲᠠ ᠶᠢ ᠦᠵᠡᠬᠦ︾ ᠠᠵᠢᠯᠯᠠᠭ᠎ᠠ ᠥᠷᠨᠢᠭᠦᠯᠵᠦ᠂ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠥᠯᠥᠭᠡᠯᠡᠭᠴᠢ ᠶᠢ ᠤᠷᠢᠵᠤ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠵᠡᠷᠭᠡ ᠭᠠᠵᠠᠷ ᠲᠤ ᠣᠴᠢᠭᠤᠯᠵᠤ᠂ ᠡᠷᠢᠶᠡᠨ ᠪᠣᠭᠤᠮᠲᠠ ᠶᠢᠨ ᠬᠥᠭᠵᠢᠯᠲᠡ ᠶᠢᠨ ᠬᠡᠷᠡᠯ ᠰᠠᠴᠤᠷᠠᠩᠭᠤᠶ ᠥᠩᠭᠡᠷᠡᠯᠲᠡ ᠶᠢ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ ᠪᠠᠷ ᠣᠶᠢᠯᠠᠭᠠᠵᠤ᠂ ︽ᠬᠤᠪᠢᠰᠬᠠᠯ ᠤᠨ ᠦᠷ᠎ᠡ︾ ᠶᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃    
   ᠠᠵᠢᠯᠯᠠᠭ᠎ᠠ ᠶᠢᠨ ᠳᠤᠮᠳᠠ᠂ ᠰᠤᠷᠤᠭᠴᠢᠳ ᠤᠨ ᠲᠥᠯᠥᠭᠡᠯᠡᠭᠴᠢ ᠵᠠᠮᠴᠢ ᠶᠢᠨ ᠵᠢᠯᠣᠭᠤᠳᠣᠯᠭ᠎ᠠ ᠳᠣᠤᠷ᠎ᠠ᠂ ︽ᠡᠷᠢᠶᠡᠨ ᠬᠤᠲᠠ ᠶᠢᠨ ᠤᠯᠤᠰ ᠤᠨ ᠡᠭᠦᠳᠡᠨ ᠤ ᠦᠵᠡᠭᠦᠯᠦᠯᠭᠡ ᠶᠢᠨ ᠲᠢᠩᠬᠢᠮ︾ ᠢ ᠲᠣᠭᠤᠷᠢᠨ ᠦᠵᠡᠪᠡ᠃ ᠨᠢᠭᠡᠨ ᠠᠮᠢᠳᠤᠯᠢᠭ ᠲᠡᠦᠬᠡ ᠶᠢᠨ ᠦᠵᠡᠭᠦᠯᠦᠯᠭᠡ ᠶᠢᠨ ᠰᠠᠮᠪᠠᠷ᠎ᠠ᠂ ᠬᠥᠮᠦᠰ ᠤᠨ ᠰᠡᠳᠬᠢᠯ ᠢ ᠬᠥᠳᠡᠯᠭᠡᠮ᠎ᠡ ᠥᠯᠢᠭᠡᠷ ᠤᠳ᠂ ᠴᠠᠭ ᠦᠶ᠎ᠡ ᠶᠢᠨ ᠢᠮ ᠲᠠᠮᠠᠭ᠎ᠠ ᠲᠠᠢ ᠪᠣᠳᠠᠲᠤ ᠪᠣᠳᠠᠰ ᠤᠨ ᠦᠵᠡᠬᠦᠯᠦᠯᠭᠡ ᠶᠢᠨ ᠵᠦᠢᠯᠡᠰ ᠤᠳ ᠨᠢ ᠡᠷᠢᠶᠡᠨ ᠪᠣᠭᠤᠮᠲᠠ ᠶᠢᠨ ᠬᠥᠭᠵᠢᠯᠲᠡ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠦᠬᠦ ᠲᠠᠯ᠎ᠠ ᠪᠠᠷ᠂ ᠪᠣᠰᠤᠭ᠎ᠠ ᠬᠡᠯᠪᠡᠷᠢ ᠪᠠᠷ ᠲᠠᠬᠢᠨ ᠢᠯᠡᠷᠡᠭᠦᠯᠪᠡ᠃
   ᠳᠠᠷᠠᠭ᠎ᠠ ᠨᠢ᠂ ᠰᠤᠷᠤᠭᠴᠢᠳ ᠪᠦᠬᠦ ᠤᠯᠤᠰ ᠤᠨ ᠬᠢᠯᠢ ᠶᠢᠨ ᠵᠠᠭᠠᠭ ᠤᠨ ᠥᠷᠲᠡᠭᠡᠨ ᠤ ᠴᠣᠷ ᠤᠨ ᠭᠠᠭᠴᠠ 815᠂ 816 ᠳ᠋ᠤᠭᠠᠷ ᠬᠤᠣᠰ ᠨᠣᠮᠧᠷᠲᠤ ᠬᠢᠯᠢ ᠶᠢᠨ ᠬᠥᠰᠢᠶ᠎ᠡ ᠶᠢ ᠲᠣᠭᠤᠷᠢᠨ ᠦᠵᠡᠪᠡ᠃ ᠪᠠᠷᠠᠭ᠎ᠠ ᠶᠢ ᠳᠦᠭᠦᠷᠲᠡᠯ᠎ᠡ ᠶᠠᠪᠤᠵᠤ ᠥᠩᠭᠡᠷᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ ᠠᠯᠤᠰ ᠠᠴᠠ ᠪᠠᠷᠠᠯᠠᠵᠤ ᠪᠠᠶᠢᠭ᠎ᠠ ᠮᠣᠩᠭᠤᠯ ᠤᠯᠤᠰ ᠤᠨ ᠵᠠᠮ ᠤᠨ ᠡᠭᠦᠳᠡ ᠪᠣᠭᠤᠮᠲᠠ ᠨᠢ ᠪᠣᠭᠤᠮᠲᠠ ᠶᠢᠨ ᠲᠡᠦᠬᠡᠨ ᠳᠠᠬᠢ ᠬᠤᠪᠢᠰᠬᠠᠯ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠬᠠᠮᠤᠷᠴᠤ ᠪᠠᠶᠢᠭ᠎ᠠ ᠨᠢ ᠁ ᠰᠤᠷᠤᠭᠴᠢᠳ ᠨᠢᠭᠡ ᠨᠢᠭᠡ ᠪᠠᠷ ᠬᠤᠪᠢᠰᠬᠠᠯ ᠤᠨ ᠭᠠᠵᠠᠷ ᠤᠨ ᠲᠡᠮᠳᠡᠭ ᠲᠠᠯᠪᠢᠵᠤ᠂ ᠨᠢᠳᠦ ᠪᠠᠷ ᠢᠶᠠᠨ ᠬᠠᠶᠢᠵᠤ᠂ ᠠᠯᠬᠤᠮ ᠢᠶᠠᠷ ᠢᠶᠠᠨ ᠬᠡᠮᠵᠢᠵᠦ᠂ ᠬᠤᠯᠪᠣᠭᠳᠠᠯ ᠪᠦᠬᠦᠢ ᠮᠡᠳᠡᠯᠭᠡ ᠶᠢ ᠬᠤᠷᠠᠮᠳᠤᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠦᠷᠳᠡᠪᠡ᠃
  ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠡᠯᠡᠬᠦ ᠳᠡᠭᠡᠨ᠄ ︽ᠥᠨᠥᠳᠦᠷ ᠮᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠮᠢᠨᠦ ᠳᠡᠷᠭᠡᠳᠡᠬᠢ ᠰᠢᠨ᠎ᠡ ᠬᠤᠪᠢᠷᠠᠯᠲᠠ ᠶᠢᠨ ᠠᠵᠢᠯᠯᠠᠭ᠎ᠠ ᠳᠤ ᠣᠷᠣᠯᠴᠠᠭᠤᠯᠤᠨ᠎ᠠ᠂ ᠭᠤᠤᠯᠳᠠᠭᠤ ᠲᠡᠳᠡᠨ ᠢ ᠬᠤᠲᠠ ᠶᠢᠨ ᠣᠨᠴᠠᠯᠢᠭ ᠲᠠᠢ ᠬᠢᠯᠠᠰ ᠴᠡᠭ ᠤᠨ ᠵᠠᠮ ᠱᠤᠭᠤᠮ ᠢ ᠲᠣᠭᠤᠷᠢᠨ ᠰᠣᠨᠢᠷᠬᠠᠭᠤᠯᠬᠤ ᠪᠠᠷ ᠳᠠᠮᠵᠢᠭᠤᠯᠤᠨ᠂ ᠪᠣᠭᠤᠮᠲᠠ ᠶᠢᠨ ᠬᠤᠲᠠ ᠶᠢᠨ ᠰᠢᠨ᠎ᠡ ᠬᠤᠪᠢᠷᠠᠯᠲᠠ ᠶᠢ ᠣᠶᠢᠯᠠᠭᠠᠭᠤᠯᠵᠤ᠂ ᠬᠤᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠡᠶᠡᠴᠢᠯᠡᠨ ᠣᠶᠢᠯᠠᠭᠠᠭᠤᠯᠵᠤ᠂ ᠨᠤᠲᠤᠭ ᠤᠰᠤᠨ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠨᠢ ᠤᠯᠠᠮ ᠨᠢᠭᠡ ᠠᠯᠬᠤᠮ ᠨᠡᠮᠡᠭᠳᠡᠭᠦᠯᠦᠨ᠎ᠡ︾ ᠭᠡᠵᠡᠶ᠃    ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠭᠤᠯᠤᠨ᠂ ᠬᠤᠪᠢᠰᠬᠠᠯ ᠤᠨ ᠰᠠᠷ᠎ᠠ ᠶᠢ ᠳᠠᠬᠢᠨ ᠡᠷᠭᠢᠴᠡᠭᠦᠯᠵᠦ᠂ ᠬᠤᠪᠢᠰᠬᠠᠯ ᠤᠨ ᠦᠯᠢᠭᠡᠷ ᠢ ᠰᠣᠨᠣᠰᠪᠠ᠂ ᠰᠤᠷᠤᠭᠴᠢᠳ ᠬᠤᠪᠢᠰᠬᠠᠯ ᠤᠨ ᠰᠣᠶᠣᠯ ᠳᠤ ᠪᠡᠶ᠎ᠡ ᠤᠬᠢᠶᠠᠬᠤ ᠳᠤᠮᠳᠠ ᠨᠢᠭᠡ ᠤᠳᠠᠭᠠᠨ ᠤ ᠠᠮᠢᠳᠤᠯᠢᠭ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠭᠤᠤᠯ ᠰᠡᠳᠦᠪᠲᠦ ᠬᠥᠮᠦᠵᠢᠯ ᠢ ᠬᠦᠷᠲᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号