【 ᠬᠦᠴᠢᠷ ᠠᠰᠠᠭᠤᠳᠠᠯ ᠢ ᠰᠢᠢᠳᠪᠦᠷᠢᠯᠡᠨ ᠪᠣᠳᠠᠲᠤ ᠶᠠᠪᠤᠳᠠᠯ ᠬᠢᠭᠰᠡᠨ ᠵᠢᠱᠢᠶᠡᠴᠢ ᠶᠢᠨ ᠨᠡᠷᠡᠰ 】 ᠡᠷᠢᠶᠡᠨ ᠪᠣᠭᠤᠮᠲᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠱᠦᠢᠨᠢ  ᠶᠢᠨ ᠭᠠᠳᠠᠭᠠᠳᠤ ᠭᠠᠷᠭᠠᠯᠲᠠ ᠶᠢ  ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/11/7
  ᠣᠶᠢᠷ᠎ᠠ ᠶᠢᠨ ᠡᠳᠦᠷ᠂ ᠡᠷᠢᠶᠡᠨ ᠬᠤᠲᠠ ᠶᠢᠨ ᠲᠦᠩ ᠬᠤᠢ ᠱᠦᠢᠨᠢ ᠶᠢᠨ ᠺᠣᠮᠫᠠᠨᠢ ᠳᠤ᠂ ᠱᠦᠢᠨᠢ ᠲᠡᠭᠡᠭᠡᠭᠰᠡᠨ ᠨᠢᠭᠡᠨ ᠲᠡᠷᠭᠡ ᠬᠥᠰᠭᠡ ᠳᠠᠷᠢ ᠳᠡᠭᠰᠢ ᠵᠢᠭᠰᠠᠵᠤ᠂ ᠪᠣᠭᠤᠮᠲᠠ ᠥᠩᠭᠡᠷᠡᠬᠦ ᠭᠠᠷ ᠭᠦᠢᠴᠡᠳᠭᠡᠯ ᠢ ᠬᠢᠵᠦ ᠪᠠᠷᠠᠭᠰᠠᠨ ᠤ ᠳᠠᠷᠠᠭ᠎ᠠ ᠡᠷᠢᠶᠡᠨ ᠪᠣᠭᠤᠮᠲᠠ ᠪᠠᠷ ᠮᠣᠩᠭᠤᠯ ᠤᠯᠤᠰ ᠢ ᠵᠣᠷᠢᠪᠠ᠃    ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ᠂ ᠲᠤᠬᠠᠶ ᠶᠢᠨ ᠲᠠᠯᠠᠪᠠᠢ ᠶᠢᠨ ᠨᠢᠭᠡᠳᠦᠭᠡᠷ ᠹᠷᠣᠨᠲ ᠲᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠶ ᠰᠡᠳᠦᠪᠲᠦ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ 8 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠤ ᠠᠬᠤᠶᠢᠯᠠᠯ ᠢ ᠬᠠᠪᠰᠤᠷᠤᠨ ᠪᠣᠭᠤᠮᠲᠠ ᠪᠠᠷ ᠥᠩᠭᠡᠷᠡᠬᠦ ᠶᠠᠪᠤᠴᠠ ᠳᠤ ᠲᠤᠯᠭᠠᠷᠠᠭᠰᠠᠨ ᠪᠠᠴᠢᠮ ᠪᠡᠷᠬᠡ ᠵᠣᠪᠠᠨᠢᠯ ᠢ ᠨᠢ ᠰᠢᠢᠳᠪᠣᠷᠢᠯᠡᠪᠡ᠃    ᠡᠷᠢᠶᠡᠨ ᠪᠣᠭᠤᠮᠲᠠ ᠶᠢᠨ ᠬᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠱᠦᠢᠨᠢ ᠶᠢᠨ ᠦᠢᠯᠡᠳᠪᠦᠷᠢ ᠳᠤ ᠬᠦᠷᠴᠦ ᠦᠨᠳᠦᠰᠦᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠳᠦᠷᠰᠦᠯᠡᠨ ᠲᠣᠭᠠᠴᠢᠭᠰᠠᠨ ᠪᠠᠶᠢᠳᠠᠯ ᠢ ᠨᠤᠲᠠᠯᠠᠭᠰᠠᠨ ᠤ ᠳᠠᠷᠠᠭ᠎ᠠ᠂ ᠪᠣᠯᠤᠮᠵᠢᠲᠤ ᠪᠣᠭᠤᠮᠲᠠ ᠪᠠᠷ ᠥᠩᠭᠡᠷᠡᠬᠦ ᠲᠥᠰᠥᠯ ᠢ ᠰᠦᠪᠡᠭᠴᠢᠯᠡᠨ ᠰᠤᠳᠤᠯᠪᠠ᠃    ᠨᠡᠪᠲᠡᠷᠡᠯᠴᠡᠬᠦ ᠪᠠᠷ ᠳᠠᠮᠵᠢᠨ᠂ ᠠᠵᠤ ᠠᠬᠤᠶᠢᠯᠠᠯ ᠤᠳ ᠭᠠᠳᠠᠭᠠᠳᠤ ᠳᠤ ᠭᠠᠷᠭᠠᠬᠤ ᠲᠥᠯᠥᠪᠯᠡᠭᠡ ᠪᠠᠨ ᠦᠨᠳᠦᠰᠦᠯᠡᠨ ᠪᠣᠭᠤᠮᠲᠠ ᠳᠤ ᠤᠷᠢᠳᠴᠢᠯᠠᠨ ᠭᠠᠳᠠᠭᠠᠳᠤ ᠳᠤ ᠭᠠᠷᠭᠠᠬᠤ ᠭᠤᠶᠤᠴᠢᠯᠠᠯ ᠭᠠᠷᠭᠠᠵᠤ᠂ ᠪᠣᠭᠤᠮᠲᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠡᠷᠭᠡ ᠬᠥᠰᠬᠡ ᠳᠠᠷᠤᠶ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠣᠭᠤᠷᠢᠭ ᠠᠴᠠ ᠰᠠᠯᠵᠤ ᠱᠦᠢᠨᠢ ᠶᠢᠨ ᠦᠢᠯᠡᠳᠪᠦᠷᠢ ᠳᠤ ᠬᠦᠷᠴᠦ ᠱᠦᠢᠨᠢ ᠠᠴᠢᠶᠠᠯᠠᠵᠤ ᠪᠣᠯᠤᠨ᠎ᠠ᠃ ᠡᠭᠦᠨ ᠤ ᠬᠠᠮᠲᠤ ᠭᠠᠳᠠᠭᠠᠳᠤ ᠳᠤ ᠭᠠᠷᠭᠠᠬᠤ ᠱᠦᠢᠨᠢ ᠶᠢᠨ ᠲᠡᠷᠭᠡᠨ ᠳᠤ GPS ᠣᠨᠢᠰᠤ ᠨᠡᠮᠡᠵᠦ ᠤᠭᠰᠠᠷᠠᠨ᠂ ᠡᠷᠢᠶᠡᠨ ᠪᠣᠭᠤᠮᠲᠠ ᠶᠢᠨ ᠬᠢᠨ ᠲᠤᠰᠬᠠᠢ ᠬᠥᠮᠥᠨ ᠲᠣᠮᠢᠯᠠᠨ ᠪᠦᠬᠦ ᠶᠠᠪᠤᠴᠠ ᠶᠢ ᠬᠢᠨᠠᠨ ᠡᠵᠡᠮᠳᠡᠵᠦ᠂ ᠱᠦᠢᠨᠢ ᠶᠢ ᠳᠦᠭᠦᠷᠲᠡᠯ᠎ᠡ ᠲᠡᠭᠡᠭᠡᠭᠰᠡᠨ ᠲᠡᠷᠭᠡ ᠶᠢ ᠡᠷᠬᠡᠪᠰᠢ ᠪᠣᠭᠤᠮᠲᠠ ᠶᠢᠨ H986 ᠮᠠᠰᠢᠨ ᠪᠠᠶᠢᠴᠠᠭᠠᠬᠤ ᠲᠥᠬᠦᠭᠡᠷᠦᠮᠵᠢ ᠶᠢᠨ ᠪᠠᠶᠢᠴᠠᠭᠠᠯᠲᠠ ᠶᠢ ᠥᠩᠭᠡᠷᠡᠭᠡᠵᠦ᠂ ᠲᠡᠷᠭᠡᠨ ᠤ ᠳᠣᠲᠣᠭᠠᠳᠤ ᠳᠤ ᠬᠠᠪᠴᠢᠭᠤᠯᠵᠤ ᠬᠠᠳᠠᠭᠠᠯᠠᠬᠤ ᠬᠠᠪᠴᠢᠭᠤᠷ ᠦᠭᠡᠢ ᠪᠠᠶᠢᠬᠤ ᠶᠢ ᠪᠠᠳᠣᠯᠠᠪᠠ᠃    ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 9 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠬᠤ ᠱᠦᠢᠨᠢ 5.3 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.3 ᠳᠠᠬᠢᠨ ᠨᠡᠮᠡᠭᠳᠡᠪᠡ︔ ᠥᠷᠲᠡᠭ ᠨᠢ 1815.7 ᠲᠦᠮᠡᠨ ᠲᠥᠭᠦᠷᠢᠭ ᠪᠠᠶᠢᠵᠤ᠂ 11.2 ᠳᠠᠬᠢᠨ ᠨᠡᠮᠡᠭᠳᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号