ᠸᠠᠩ ᠰᠠᠨ ᠱᠢ ᠬᠤᠲᠠ ᠶᠢᠨ ᠢᠯᠴᠢ ᠬᠠᠩᠭᠠᠬᠤ ᠪᠠ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/9
   ᠮᠠᠨ ᠤ ᠬᠤᠲᠠ ᠳᠤᠯᠠᠭᠠᠯᠠᠭ᠎ᠠ ᠶᠢᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠢᠯᠴᠢ ᠬᠠᠩᠭᠠᠬᠤ ᠠᠵᠢᠯ ᠶᠠᠮᠠᠷ ᠵᠡᠷᠭᠡ ᠪᠣᠶ︖ ᠢᠯᠴᠢ ᠬᠠᠩᠭᠠᠬᠤ ᠶᠠᠰᠤ ᠴᠢᠨᠠᠷ ᠪᠠᠲᠤᠯᠠᠭ᠎ᠠ ᠲᠠᠢ ᠤᠤ︖ ᠰᠠᠭᠤᠭᠠᠯᠢ ᠠᠷᠠᠳ ᠤᠨ ᠭᠡᠷ ᠲᠤ ᠳᠤᠯᠠᠭᠠᠮᠵᠢ ᠬᠠᠯᠠᠭᠤᠨ ᠤᠤ︖ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠥᠮ ᠲᠦᠢᠯ ᠢᠶᠠᠷ ᠬᠠᠯᠠᠮᠵᠢᠯᠠᠵᠤ ᠪᠠᠶᠢᠪᠠ᠃ 11 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠲᠠ ᠶᠢᠨ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠶᠢᠨ ᠬᠤᠭᠤᠴᠠᠭᠠᠨ ᠳᠤ ᠲᠥᠪᠯᠡᠷᠡᠭᠦᠯᠦᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠠᠩ ᠯᠢ ᠴᠧᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃    ᠸᠠᠩ ᠰᠠᠨ ᠱᠢ ᠨᠠᠷ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠳᠠ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠲᠢᠩᠬᠢᠮ᠂ ᠡᠷᠢᠶᠡᠨ ᠷᠦᠢ ᠶᠤᠸᠠᠨ ᠠᠵᠤ ᠦᠢᠯᠡᠰ ᠤᠨ ᠺᠣᠮᠫᠠᠨᠢ ᠶᠢᠨ ᠶᠡᠷᠦᠩᠬᠡᠢ ᠡᠵᠡᠮᠳᠡᠯ ᠤᠨ ᠲᠠᠰᠤᠭ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠭᠠᠯᠢ ᠲᠣᠭᠤᠷᠢᠭ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠢᠯᠴᠢ ᠬᠠᠩᠭᠠᠬᠤ ᠲᠥᠬᠦᠭᠡᠷᠦᠮᠵᠢ ᠶᠢᠨ ᠠᠵᠢᠯᠯᠠᠭ᠎ᠠ᠂ ᠨᠡᠭᠦᠷᠡᠰᠦᠨ ᠤ ᠨᠥᠭᠡᠴᠡ᠂ ᠢᠯᠴᠢ ᠶᠢᠨ ᠰᠦᠢᠳᠬᠡᠯ ᠬᠤᠷᠢᠶᠠᠬᠤ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃    ᠸᠠᠩ ᠰᠠᠨ ᠱᠢ᠂ ᠬᠠᠯᠠᠭᠤᠨ ᠠᠭᠤᠷ ᠬᠠᠯᠠᠬᠤ ᠦᠭᠡᠢ᠂ ᠬᠠᠯᠠᠭᠤᠨ ᠳᠤᠯᠠᠭᠠᠨ ᠪᠠᠷᠢᠮᠵᠢᠶ᠎ᠠ ᠳᠤ ᠬᠦᠷᠬᠦ ᠦᠭᠡᠢ ᠪᠣᠯ ᠠᠷᠠᠳ ᠤᠯᠠᠨ ᠤ ᠡᠪᠦᠯ ᠤᠨ ᠤᠯᠠᠷᠢᠯ ᠤᠨ ᠬᠠᠮᠤᠭ ᠤᠨ ᠠᠩᠬᠠᠷᠴᠤ ᠪᠠᠶᠢᠭ᠎ᠠ ᠲᠡᠷᠢᠭᠦᠨ ᠴᠢᠬᠤᠯᠠ ᠶᠠᠪᠤᠳᠠᠯ ᠪᠣᠯᠤᠨ᠎ᠠ᠂ ᠮᠥᠨᠴᠦ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠡᠷᠬᠡᠪᠰᠢ ᠠᠷᠠᠳ ᠣᠯᠠᠨ ᠤ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠬᠡᠷᠡᠭᠲᠡᠶ᠃ ᠣᠳᠣᠬᠠᠨ ᠤ ᠢᠯᠴᠢ ᠬᠠᠩᠭᠠᠬᠤ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠱᠠᠯᠠᠪᠳᠠᠨ ᠵᠠᠰᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠠᠯᠳᠠᠭᠳᠠᠯ ᠢ ᠤᠯᠠᠮ ᠨᠢᠭᠡ ᠠᠯᠬᠤᠮ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠥᠷᠲᠡᠭᠡ᠂ ᠢᠯᠴᠢ ᠰᠣᠯᠢᠯᠴᠠᠬᠤ ᠥᠷᠲᠡᠭᠡ ᠶᠢᠨ ᠤᠰᠤ ᠭᠠᠷᠭᠠᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠪᠥᠬᠦ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠶᠠᠰᠤ ᠴᠢᠨᠠᠷ ᠢ ᠪᠠᠲᠤᠯᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠸᠠᠩ ᠰᠠᠨ ᠱᠢ ᠨᠠᠷ ᠪᠠᠰᠠ ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠵᠢᠯᠤᠭᠤᠳᠤᠯᠭ᠎ᠠ ᠬᠢᠨᠠᠯᠲᠠ ᠲᠠᠯᠪᠢᠬᠤ ᠲᠠᠪᠴᠠᠩ᠂ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠵᠢᠯᠣᠭᠤᠳᠬᠤ ᠲᠥᠪ ᠤᠨ ᠲᠠᠪᠴᠠᠩ ᠳᠤ ᠬᠦᠷᠴᠦ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠤᠲᠠ ᠶᠢᠨ ᠪᠥᠲᠥᠭᠡᠨ ᠪᠠᠶᠢᠭᠤᠯᠤᠯᠲᠠ ᠶᠢ ᠭᠤᠷᠪᠠᠨ ᠬᠤᠪᠢ ᠪᠠᠷ ᠪᠥᠲᠥᠭᠡᠨ ᠪᠠᠶᠢᠭᠤᠯᠬᠤ ᠳᠤ ᠲᠦᠰᠢᠭᠯᠡᠨ᠂ ᠲᠤᠯᠤᠭᠠᠨ ᠬᠤᠪᠢ ᠪᠠᠷ ᠬᠠᠮᠢᠶᠠᠷᠬᠤ ᠳᠤ ᠲᠦᠰᠢᠭᠯᠡᠵᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠪᠠ ᠲᠥᠷᠥᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠨᠠᠩ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠤᠶᠤᠨᠲᠤ ᠬᠤᠲᠠ ᠶᠢᠨ ᠦᠢᠯᠡᠳᠦᠯ ᠢ ᠪᠠᠳᠠᠷᠠᠭᠤᠯᠤᠨ᠂ ᠬᠤᠲᠠ ᠶᠢᠨ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号