ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 84 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
   12 ᠰᠠᠷ᠎ᠠ ᠶᠢᠨ 4᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 84 ᠳ᠋ᠦ᠋ᠭᠡᠷ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2023 ᠣᠨ ᠤ 2 ᠳ᠋ᠤᠭᠠᠷ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠠᠩ ᠸᠧᠢ ᠳ᠋ᠦᠩ ᠨᠥᠬᠦᠷ ᠤᠨ ᠡᠷᠢᠶᠡᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠪᠤᠨ ᠶᠡᠭᠡ ᠡᠭᠦᠷᠭᠡ ᠶᠢᠨ ᠡᠯ᠎ᠡ ᠲᠤᠰᠬᠠᠢ ᠳᠤᠭᠤᠶᠢᠯᠠᠩ ᠤᠨ ᠥᠷᠨᠢᠭᠦᠯᠦᠭᠰᠡᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠨ ᠲᠥᠰᠦᠯ ᠪᠣᠯᠤᠨ ᠨᠠᠷᠢᠨ ᠲᠦᠷᠢᠮ ᠢ ᠰᠤᠳᠤᠯᠤᠨ ᠬᠢᠨᠠᠨ ᠵᠥᠪᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ᠂ ᠾᠧᠪᠸᠢ ᠳᠤ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠩᠬᠠᠢ ᠪᠣᠯᠤᠨ ᠵᠢᠶᠠᠩᠰᠦ ᠶᠢᠨ ᠳᠠᠪᠤᠰᠤᠨ ᠬᠤᠳᠠ ᠳᠤ ᠰᠢᠨᠵᠢᠯᠡᠨ ᠪᠠᠶᠢᠴᠠᠭᠠᠭᠰᠠᠨ ᠪᠥᠭᠡᠳ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠨ ᠦᠢᠯᠡᠳᠦᠯᠭᠡᠵᠢᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠰᠠᠶᠢᠲᠤᠷ ᠨᠥᠭᠡᠴᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠠᠩ ᠸᠧᠢ ᠳ᠋ᠦᠩ ᠨᠥᠬᠦᠷ ᠤᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠣᠳᠣᠬᠠᠨ ᠤ ᠬᠥᠭᠵᠢᠯᠲᠡ ᠶᠢᠨ ᠳᠠᠪᠠᠭᠤᠯᠢᠭ᠂ ᠳᠣᠳᠠᠭᠳᠠᠯ ᠢ ᠵᠠᠳᠠᠯᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠦ᠂ ᠪᠣᠭᠤᠮᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠯᠵᠢᠶᠠᠨ ᠤ ᠬᠡᠪᠴᠢᠶ᠎ᠡ ᠶᠢ ᠪᠤᠵᠠᠭᠠᠶᠢᠷᠠᠭᠤᠯᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠲᠠᠪᠤᠨ ᠶᠡᠭᠡ ᠡᠭᠦᠷᠭᠡ ᠪᠠ ᠲᠥᠷᠥ ᠠᠴᠠ ᠲᠠᠷᠬᠠᠭᠠᠭᠰᠠᠨ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠲᠣᠭᠠᠯᠠᠨ ᠡᠮᠬᠢᠯᠡᠵᠦ᠂ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠲᠥᠯᠥᠪᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠲᠦᠷᠦᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠴᠢᠩᠭ᠎ᠠ︾᠎ ᠶᠢ ᠲᠡᠷᠢᠭᠦᠨ ᠳᠤ ᠲᠠᠯᠪᠢᠬᠤ᠂ ︽ᠪᠣᠳᠠᠲᠠᠢ︾ ᠪᠠᠶᠢᠬᠤ ᠶᠢ ᠪᠠᠷᠢᠮᠲᠠᠯᠠᠬᠤ᠂ ︽ᠬᠠᠲᠠᠭᠤ︾ ᠪᠠᠶᠢᠬᠤ ᠶᠢ ᠪᠠᠷᠢᠮᠲᠠᠯᠠᠬᠤ᠂ ᠴᠠᠭᠳᠠᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠨᠡᠩ ᠣᠨᠣᠪᠴᠢᠲᠠᠢ᠂ ᠬᠢᠨᠠᠯᠲᠠ ᠲᠠᠯᠪᠢᠬᠤ ᠪᠠᠶᠢᠷᠢᠰᠢᠯ ᠢ ᠪᠦᠷᠢᠨᠰᠢᠬᠦᠯᠦᠨ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ︽ᠡᠷᠢᠶᠡᠨ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ︾ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠲᠥᠰᠦᠯ ᠤᠨ ᠨᠠᠷᠢᠨ ᠲᠦᠷᠢᠮ ᠢ ᠰᠤᠳᠤᠯᠤᠨ ᠬᠢᠨᠠᠨ ᠵᠥᠪᠯᠡᠭᠰᠡᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号