ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 84 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
   12 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 84 ᠳ᠋ᠦ᠋ᠭᠡᠷ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2023 ᠣᠨ ᠤ 2 ᠳ᠋ᠤᠭᠠᠷ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠠᠩ ᠸᠧᠢ ᠳ᠋ᠦᠩ ᠨᠥᠬᠦᠷ ᠤᠨ ᠡᠷᠢᠶᠡᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠪᠤᠨ ᠶᠡᠭᠡ ᠡᠭᠦᠷᠭᠡ ᠶᠢᠨ ᠡᠯ᠎ᠡ ᠲᠤᠰᠬᠠᠢ ᠳᠤᠭᠤᠶᠢᠯᠠᠩ ᠤᠨ ᠥᠷᠨᠢᠭᠦᠯᠦᠭᠰᠡᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠨ ᠲᠥᠰᠦᠯ ᠪᠣᠯᠤᠨ ᠨᠠᠷᠢᠨ ᠲᠦᠷᠢᠮ ᠢ ᠰᠤᠳᠤᠯᠤᠨ ᠬᠢᠨᠠᠨ ᠵᠥᠪᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ᠂ ᠾᠧᠪᠸᠢ ᠳᠤ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠩᠬᠠᠢ ᠪᠣᠯᠤᠨ ᠵᠢᠶᠠᠩᠰᠦ ᠶᠢᠨ ᠳᠠᠪᠤᠰᠤᠨ ᠬᠤᠳᠠ ᠳᠤ ᠰᠢᠨᠵᠢᠯᠡᠨ ᠪᠠᠶᠢᠴᠠᠭᠠᠭᠰᠠᠨ ᠪᠥᠭᠡᠳ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠨ ᠦᠢᠯᠡᠳᠦᠯᠭᠡᠵᠢᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠰᠠᠶᠢᠲᠤᠷ ᠨᠥᠭᠡᠴᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠠᠩ ᠸᠧᠢ ᠳ᠋ᠦᠩ ᠨᠥᠬᠦᠷ ᠤᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠣᠳᠣᠬᠠᠨ ᠤ ᠬᠥᠭᠵᠢᠯᠲᠡ ᠶᠢᠨ ᠳᠠᠪᠠᠭᠤᠯᠢᠭ᠂ ᠳᠣᠳᠠᠭᠳᠠᠯ ᠢ ᠵᠠᠳᠠᠯᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠦ᠂ ᠪᠣᠭᠤᠮᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠯᠵᠢᠶᠠᠨ ᠤ ᠬᠡᠪᠴᠢᠶ᠎ᠡ ᠶᠢ ᠪᠤᠵᠠᠭᠠᠶᠢᠷᠠᠭᠤᠯᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠲᠠᠪᠤᠨ ᠶᠡᠭᠡ ᠡᠭᠦᠷᠭᠡ ᠪᠠ ᠲᠥᠷᠥ ᠠᠴᠠ ᠲᠠᠷᠬᠠᠭᠠᠭᠰᠠᠨ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠲᠣᠭᠠᠯᠠᠨ ᠡᠮᠬᠢᠯᠡᠵᠦ᠂ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠲᠥᠯᠥᠪᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠲᠦᠷᠦᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠴᠢᠩᠭ᠎ᠠ︾ ᠶᠢ ᠲᠡᠷᠢᠭᠦᠨ ᠳᠤ ᠲᠠᠯᠪᠢᠬᠤ᠂ ︽ᠪᠣᠳᠠᠲᠠᠢ︾ ᠪᠠᠶᠢᠬᠤ ᠶᠢ ᠪᠠᠷᠢᠮᠲᠠᠯᠠᠬᠤ᠂ ︽ᠬᠠᠲᠠᠭᠤ︾ ᠪᠠᠶᠢᠬᠤ ᠶᠢ ᠪᠠᠷᠢᠮᠲᠠᠯᠠᠬᠤ᠂ ᠴᠠᠭᠳᠠᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠨᠡᠩ ᠣᠨᠣᠪᠴᠢᠲᠠᠢ᠂ ᠬᠢᠨᠠᠯᠲᠠ ᠲᠠᠯᠪᠢᠬᠤ ᠪᠠᠶᠢᠷᠢᠰᠢᠯ ᠢ ᠪᠦᠷᠢᠨᠰᠢᠬᠦᠯᠦᠨ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ︽ᠡᠷᠢᠶᠡᠨ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ︾ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠲᠥᠰᠦᠯ ᠤᠨ ᠨᠠᠷᠢᠨ ᠲᠦᠷᠢᠮ ᠢ ᠰᠤᠳᠤᠯᠤᠨ ᠬᠢᠨᠠᠨ ᠵᠥᠪᠯᠡᠭᠰᠡᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号