【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠥᠪᠥᠷ ᠮᠣᠩᠭᠤᠯ ᠤᠨ 2023 ᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳ᠋ᠦᠩᠰᠢᠭᠤᠷ ᠲᠣᠨ ᠳᠤ ᠬᠦᠷᠪᠡ  ᠡᠷᠢᠶᠡᠨ ᠪᠣᠭᠤᠮᠲᠠ ᠶᠢᠨ ᠲᠠᠪᠤᠨ ᠤ ᠨᠢᠭᠡ ᠬᠤᠪᠢ ᠶᠢ ᠡᠵᠡᠯᠡᠪᠡ
ᠨᠡᠶᠢᠲᠡᠯᠡᠭᠰᠡᠨ ᠴᠠᠭ᠄
2023/12/13
   ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠭ᠎ᠠ ᠪᠠᠷᠢᠮᠲᠠ ᠠᠴᠠ ᠦᠵᠡᠪᠡᠯ᠂ 12 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 10006.8 ᠲᠦᠮᠡᠨ ᠲᠣᠨ ᠳᠤ ᠬᠦᠷᠴᠦ᠂ ᠤᠯᠤᠰ ᠤᠨ ᠳᠣᠲᠣᠭᠠᠳᠤ ᠶᠢᠨ ᠬᠢᠯᠢ ᠳᠠᠭᠠᠤ ᠮᠤᠵᠢ ᠣᠷᠣᠨ ᠤ ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠡᠭᠦᠨ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 1808 ᠲᠦᠮᠡᠨ ᠲᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠦᠬᠡᠲᠦ ᠴᠢᠨᠠᠷᠲᠠᠶ ᠰᠢᠪᠲᠤᠯᠤᠯᠲᠠ ᠳᠤ ᠴᠢᠬᠤᠯᠠ ᠬᠦᠴᠦᠨ ᠨᠡᠮᠡᠷᠢᠯᠡᠵᠦ᠂ ᠪᠠᠷᠤᠭ ᠲᠠᠪᠤᠨ ᠤ ᠨᠢᠭᠡ ᠶᠢ ᠡᠵᠡᠯᠡᠪᠡ᠃    ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠪᠣᠭᠤᠮᠲᠠ ᠪᠠᠷ ᠥᠩᠭᠡᠷᠡᠬᠦ ᠶᠠᠪᠤᠴᠠ ᠳᠤ᠂ ᠬᠢᠨᠠᠯᠲᠠ ᠬᠠᠮᠢᠶᠠᠷᠤᠯᠲᠠ ᠶᠢᠨ ᠭᠠᠷᠳᠠᠮ ᠢ ᠲᠠᠰᠤᠷᠠᠯᠲᠠ ᠥᠬᠡᠶ ᠳᠥᠭᠦᠮᠴᠢᠯᠡᠵᠦ᠂ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ ᠰᠢᠯᠤᠭᠤᠳᠬᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠨᠥᠯᠥᠭᠡᠯᠡᠵᠦ ᠪᠠᠶᠢᠭ᠎ᠠ ᠨᠢᠭᠡ ᠪᠦᠯᠦᠭ ︽ᠬᠦᠴᠢᠷ ᠠᠰᠠᠭᠤᠳᠠᠯ︾᠂ ︽ᠲᠦᠭᠵᠢᠷᠡᠯ︾ ᠤᠨ ᠠᠰᠠᠭᠤᠳᠠᠯ ᠢ ᠰᠢᠯᠤᠭᠤᠳᠬᠠᠵᠤ᠂ ︽24 ᠴᠠᠭ ᠢᠶᠠᠷ ᠵᠢᠵᠢᠭᠦᠷᠯᠡᠨ ᠰᠠᠭᠤᠬᠤ︾᠂ ︽ᠴᠣᠩᠬᠤᠪᠴᠢ ᠪᠠᠷ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ︾᠂ ︽ᠭᠠᠷᠳᠠᠮ ᠢ ᠤᠷᠢᠳᠠᠪᠠᠷ ᠭᠦᠢᠴᠡᠳᠬᠡᠬᠦ ︾᠂ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ︽ᠬᠤᠷᠢᠶᠠᠩᠭᠤᠶᠢᠯᠠᠨ ᠡᠮᠬᠢᠳᠬᠡᠭᠰᠡᠨ ᠭᠠᠶᠢᠯᠢ + ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠰᠢᠨ᠎ᠡ ᠬᠡᠯᠪᠡᠷᠢ ᠶᠢᠨ ᠪᠣᠭᠤᠮᠲᠠ ᠪᠠᠷ ᠥᠩᠭᠡᠷᠡᠬᠦ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠪᠠ᠃ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠰᠠᠭᠠᠳ ᠦᠭᠡᠢ ᠨᠡᠪᠲᠡᠷᠡᠬᠦ ᠵᠠᠮ᠂ ᠲᠤᠰᠬᠠᠢ ᠨᠡᠪᠲᠡᠷᠡᠬᠦ ᠵᠠᠮ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠶᠤᠨᠴᠢᠯᠠᠭᠰᠠᠨ ᠰᠢᠯᠭᠠᠨ ᠪᠠᠶᠢᠴᠠᠭᠠᠬᠤ ᠲᠥᠬᠦᠭᠡᠷᠦᠮᠵᠢ ᠶᠢ ᠳᠡᠰ ᠳᠡᠪᠰᠢᠭᠦᠯᠵᠦ᠂ ︽ᠬᠥᠮᠥᠨ ᠬᠦᠯᠢᠶᠡᠬᠦ ᠲᠡᠷᠭᠡ ᠬᠥᠰᠬᠡ᠂ ᠳᠠᠷᠦ᠋ᠢᠬᠠᠨ ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠴᠠᠭ ᠲᠤᠬᠠᠢ ᠳᠤᠨᠢ ᠪᠠᠶᠢᠴᠠᠭᠠᠬᠤ᠂ ᠳᠠᠷᠤᠢ ᠳᠤᠨᠢ ᠪᠠᠶᠢᠴᠠᠭᠠᠪᠠᠯ ᠳᠠᠷᠦ᠋ᠢᠬᠠᠨ ᠲᠠᠯᠪᠢᠬᠤ ᠶᠢ ᠪᠠᠲᠤᠯᠠᠵᠤ᠂ ᠳᠠᠩᠰᠠᠯᠠᠭᠤᠯᠤᠨ ᠭᠤᠶᠤᠴᠢᠯᠠᠨ ᠮᠡᠳᠡᠭᠦᠯᠬᠦ ᠶᠢ ︽ᠳᠤᠲᠠᠭᠤ ᠭᠦᠶᠦᠯᠭᠡᠬᠦ︾᠂ ᠬᠥᠮᠥᠰ ᠤᠨ ᠪᠣᠭᠤᠮᠲᠠ ᠪᠠᠷ ᠥᠩᠭᠡᠷᠡᠬᠦ ᠶᠢ ︽ᠬᠦᠯᠢᠶᠡᠬᠦ ᠦᠭᠡᠢ︾᠂ ᠪᠠᠷᠠᠭᠠᠨ ᠤ ᠪᠣᠭᠤᠮᠲᠠ ᠪᠠᠷ ᠥᠩᠭᠡᠷᠡᠬᠦ ︽ᠴᠠᠭ ᠢ ᠤᠷᠲᠤᠳᠬᠠᠬᠤ ᠦᠭᠡᠢ︾ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠠᠵᠤ ᠠᠬᠤᠢ ᠶᠢᠨ ︽ᠬᠤᠷᠳᠤᠴᠠ ᠶᠢ ᠲᠦᠷᠭᠡᠳᠬᠡᠬᠦ︾ ᠶᠢ ᠠᠬᠢᠭᠤᠯᠪᠠ᠃    ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠣᠭᠤᠮᠲᠠ ᠶᠢᠨ ᠴᠢᠳᠠᠮᠵᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号