| ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠭ᠎ᠠ ᠪᠠᠷᠢᠮᠲᠠ ᠠᠴᠠ | ᠦᠵᠡᠪᠡᠯ᠂ 12 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 10006.8 ᠲᠦᠮᠡᠨ ᠲᠣᠨ ᠳᠤ ᠬᠦᠷᠴᠦ᠂ ᠤᠯᠤᠰ ᠤᠨ ᠳᠣᠲᠣᠭᠠᠳᠤ ᠶᠢᠨ | ᠬᠢᠯᠢ ᠳᠠᠭᠠᠤ ᠮᠤᠵᠢ ᠣᠷᠣᠨ ᠤ ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ | ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠡᠭᠦᠨ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 1808 ᠲᠦᠮᠡᠨ | ᠲᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠦᠬᠡᠲᠦ | ᠴᠢᠨᠠᠷᠲᠠᠶ ᠰᠢᠪᠲᠤᠯᠤᠯᠲᠠ ᠳᠤ ᠴᠢᠬᠤᠯᠠ ᠬᠦᠴᠦᠨ ᠨᠡᠮᠡᠷᠢᠯᠡᠵᠦ᠂ ᠪᠠᠷᠤᠭ ᠲᠠᠪᠤᠨ ᠤ ᠨᠢᠭᠡ ᠶᠢ ᠡᠵᠡᠯᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠪᠣᠭᠤᠮᠲᠠ ᠪᠠᠷ ᠥᠩᠭᠡᠷᠡᠬᠦ ᠶᠠᠪᠤᠴᠠ ᠳᠤ᠂ ᠬᠢᠨᠠᠯᠲᠠ | ᠬᠠᠮᠢᠶᠠᠷᠤᠯᠲᠠ ᠶᠢᠨ ᠭᠠᠷᠳᠠᠮ ᠢ ᠲᠠᠰᠤᠷᠠᠯᠲᠠ ᠥᠬᠡᠶ ᠳᠥᠭᠦᠮᠴᠢᠯᠡᠵᠦ᠂ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ | ᠰᠢᠯᠤᠭᠤᠳᠬᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠢᠯ ᠤᠨ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠨᠥᠯᠥᠭᠡᠯᠡᠵᠦ ᠪᠠᠶᠢᠭ᠎ᠠ ᠨᠢᠭᠡ | ᠪᠦᠯᠦᠭ ︽ᠬᠦᠴᠢᠷ ᠠᠰᠠᠭᠤᠳᠠᠯ︾᠂ ︽ᠲᠦᠭᠵᠢᠷᠡᠯ︾ ᠤᠨ ᠠᠰᠠᠭᠤᠳᠠᠯ ᠢ ᠰᠢᠯᠤᠭᠤᠳᠬᠠᠵᠤ᠂ ︽24 ᠴᠠᠭ ᠢᠶᠠᠷ | ᠵᠢᠵᠢᠭᠦᠷᠯᠡᠨ ᠰᠠᠭᠤᠬᠤ︾᠂ ︽ᠴᠣᠩᠬᠤᠪᠴᠢ ᠪᠠᠷ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ︾᠂ ︽ | ᠭᠠᠷᠳᠠᠮ ᠢ ᠤᠷᠢᠳᠠᠪᠠᠷ ᠭᠦᠢᠴᠡᠳᠬᠡᠬᠦ︾᠂ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ︽ᠬᠤᠷᠢᠶᠠᠩᠭᠤᠶᠢᠯᠠᠨ | ᠡᠮᠬᠢᠳᠬᠡᠭᠰᠡᠨ ᠭᠠᠶᠢᠯᠢ + ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠰᠢᠨ᠎ᠡ ᠬᠡᠯᠪᠡᠷᠢ ᠶᠢᠨ ᠪᠣᠭᠤᠮᠲᠠ ᠪᠠᠷ | ᠥᠩᠭᠡᠷᠡᠬᠦ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠪᠠ᠃ ᠬᠠᠮᠲᠤᠷᠠᠨ ᠪᠠᠶᠢᠴᠠᠭᠠᠬᠤ ᠬᠠᠮᠲᠤᠷᠠᠭᠰᠠᠨ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠰᠠᠭᠠᠳ ᠦᠭᠡᠢ ᠨᠡᠪᠲᠡᠷᠡᠬᠦ ᠵᠠᠮ᠂ ᠲᠤᠰᠬᠠᠢ ᠨᠡᠪᠲᠡᠷᠡᠬᠦ ᠵᠠᠮ ᠤᠨ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠶᠤᠨᠴᠢᠯᠠᠭᠰᠠᠨ ᠰᠢᠯᠭᠠᠨ ᠪᠠᠶᠢᠴᠠᠭᠠᠬᠤ ᠲᠥᠬᠦᠭᠡᠷᠦᠮᠵᠢ ᠶᠢ | ᠳᠡᠰ ᠳᠡᠪᠰᠢᠭᠦᠯᠵᠦ᠂ ︽ᠬᠥᠮᠥᠨ ᠬᠦᠯᠢᠶᠡᠬᠦ ᠲᠡᠷᠭᠡ ᠬᠥᠰᠬᠡ᠂ ᠳᠠᠷᠦ᠋ᠢᠬᠠᠨ ᠪᠠᠶᠢᠴᠠᠭᠠᠬᠤ︾ ᠶᠢ ᠪᠠᠷᠢᠮᠲᠠᠯᠠᠵᠤ᠂ | ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠴᠠᠭ ᠲᠤᠬᠠᠢ ᠳᠤᠨᠢ ᠪᠠᠶᠢᠴᠠᠭᠠᠬᠤ᠂ ᠳᠠᠷᠤᠢ ᠳᠤᠨᠢ ᠪᠠᠶᠢᠴᠠᠭᠠᠪᠠᠯ | ᠳᠠᠷᠦ᠋ᠢᠬᠠᠨ ᠲᠠᠯᠪᠢᠬᠤ ᠶᠢ ᠪᠠᠲᠤᠯᠠᠵᠤ᠂ ᠳᠠᠩᠰᠠᠯᠠᠭᠤᠯᠤᠨ ᠭᠤᠶᠤᠴᠢᠯᠠᠨ ᠮᠡᠳᠡᠭᠦᠯᠬᠦ ᠶᠢ ︽ᠳᠤᠲᠠᠭᠤ ᠭᠦᠶᠦᠯᠭᠡᠬᠦ︾᠂ | ᠬᠥᠮᠥᠰ ᠤᠨ ᠪᠣᠭᠤᠮᠲᠠ ᠪᠠᠷ ᠥᠩᠭᠡᠷᠡᠬᠦ ᠶᠢ ︽ᠬᠦᠯᠢᠶᠡᠬᠦ ᠦᠭᠡᠢ︾᠂ ᠪᠠᠷᠠᠭᠠᠨ ᠤ ᠪᠣᠭᠤᠮᠲᠠ ᠪᠠᠷ ᠥᠩᠭᠡᠷᠡᠬᠦ ︽ | ᠴᠠᠭ ᠢ ᠤᠷᠲᠤᠳᠬᠠᠬᠤ ᠦᠭᠡᠢ︾ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ | ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠠᠵᠤ | ᠠᠬᠤᠢ ᠶᠢᠨ ︽ᠬᠤᠷᠳᠤᠴᠠ ᠶᠢ ᠲᠦᠷᠭᠡᠳᠬᠡᠬᠦ︾ ᠶᠢ ᠠᠬᠢᠭᠤᠯᠪᠠ᠃ | ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ | ᠪᠣᠭᠤᠮᠲᠠ ᠶᠢᠨ ᠴᠢᠳᠠᠮᠵᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠣᠭᠤᠮᠲᠠ ᠪᠠᠷ ᠥᠩᠭᠡᠷᠡᠬᠦ ᠬᠦᠴᠦᠨ | ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |