ᠨᠣᠮ ᠤᠨ ᠰᠠᠩ ᠪᠣᠯ ᠬᠤᠲᠠ ᠶᠢᠨ ᠰᠣᠶᠣᠯ ᠤᠨ ᠲᠡᠮᠳᠡᠭ ᠪᠣᠯᠬᠤ ᠪᠠᠷ ᠪᠠᠷᠠᠬᠤ ᠥᠬᠡᠶ᠂ ᠪᠠᠰᠠ ᠴᠤ ᠬᠤᠲᠠ ᠶᠢᠨ ᠠᠮᠢᠨ ᠰᠦᠨᠡᠰᠦ ᠮᠥᠨ᠂ ᠨᠠᠩ ᠴᠤ ᠬᠤᠲᠠ ᠶᠢᠨ ᠬᠥᠭᠵᠢᠯᠲᠡ ᠳᠤ ᠥᠪᠡᠷᠮᠢᠴᠡ ᠲᠠᠲᠠᠬᠤ ᠬᠦᠴᠦᠨ  ᠣᠯᠭᠤᠳᠠᠭ
ᠨᠡᠶᠢᠲᠡᠯᠡᠭᠰᠡᠨ ᠴᠠᠭ᠄
2023/12/14
   12 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠤᠲᠠ ᠶᠢᠨ ᠵᠧᠨ ᠬᠤᠸᠠ ᠵᠡᠭᠡᠯᠢ ᠶᠢᠨ ᠬᠤᠶᠢᠳᠦ ᠬᠡᠰᠡᠭ᠂ ᠹᠠᠩ ᠵᠧᠩ ᠵᠠᠮ ᠤᠨ ᠵᠡᠭᠦᠨ ᠬᠡᠰᠡᠭ ᠤᠨ ︽ᠳᠡᠰ ᠳᠡᠪᠰᠢᠬᠦᠯᠬᠦ︾ ᠳᠤ ᠪᠠᠶᠢᠷᠢᠯᠠᠵᠦ ᠪᠠᠶᠢᠭ᠎ᠠ ᠬᠤᠲᠠ ᠶᠢᠨ ᠨᠣᠮ ᠤᠨ ᠰᠠᠩ ᠳᠤ ᠣᠯᠵᠤ ᠦᠵᠡᠭᠰᠡᠨ ᠨᠢ᠂ ᠨᠣᠮ ᠤᠨ ᠰᠠᠩ ᠤᠨ ᠳᠣᠲᠣᠷᠠᠬᠢ ᠲᠣᠭᠠᠴᠢᠯᠠᠭᠰᠠᠨ ᠲᠥᠬᠦᠭᠡᠷᠦᠮᠵᠢ᠂ ᠶᠡᠭᠡ ᠬᠡᠮᠵᠢᠶᠡᠨ ᠤ ᠨᠣᠮ ᠪᠢᠴᠢᠭ ᠵᠢᠴᠢ ᠨᠠᠮ ᠵᠢᠮ ᠨᠣᠮ ᠣᠩᠰᠢᠬᠤ ᠣᠷᠴᠢᠨ ᠲᠣᠭᠤᠷᠢᠨ ᠨᠢ ᠣᠩᠰᠢᠭᠴᠢᠳ ᠲᠤ ᠥᠭᠡᠷ᠎ᠡ ᠵᠦᠢᠯ ᠤᠨ ᠰᠣᠶᠣᠯ ᠤᠨ ᠠᠶᠠᠯᠠᠯ ᠬᠠᠩᠭᠠᠭᠰᠠᠨ ᠪᠠᠶᠢᠨ᠎ᠠ᠃    ᠬᠤᠲᠠ ᠶᠢᠨ ᠨᠣᠮ ᠤᠨ ᠰᠠᠩ ᠤᠨ ᠰᠢᠨ᠎ᠡ ᠣᠷᠳᠣᠨ ᠤ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 5325 ᠲᠡᠭᠰᠢ ᠳᠥᠷᠪᠡᠯᠵᠢᠨ ᠮᠧᠲᠷ ᠪᠠᠶᠢᠵᠤ᠂ 2023 ᠣᠨ ᠤ 6 ᠰᠠᠷ᠎ᠠ ᠠᠴᠠ ᠡᠬᠢᠯᠡᠨ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠵᠦ᠂ 11 ᠰᠠᠷ᠎ᠠ ᠶᠢᠨ 13 ᠤ ᠡᠳᠦᠷ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠪᠠ᠃ ᠣᠳᠣᠬᠠᠨ ᠳᠤ᠂ ᠮᠦᠽᠧᠶ ᠶᠢᠨ ᠬᠡᠷᠡᠭᠯᠡᠭᠡᠨ ᠤ ᠲᠠᠯᠠᠪᠠᠢ 3200 ᠲᠡᠭᠰᠢ ᠳᠥᠷᠪᠡᠯᠵᠢᠨ ᠮᠧᠲᠷ ᠪᠠᠶᠢᠨ᠎ᠠ᠃ ᠨᠣᠮ ᠤᠨ ᠰᠠᠩ ᠳᠤ 10 ᠭᠠᠷᠤᠶ ᠲᠦᠮᠡᠨ ᠳᠡᠪᠲᠡᠷ ᠨᠣᠮ ᠪᠢᠴᠢᠭ ᠬᠠᠳᠠᠭᠠᠯᠠᠵᠤ᠂ 22 ᠶᠡᠭᠡ ᠲᠥᠷᠥᠯ ᠤᠨ ᠨᠣᠮ ᠪᠢᠴᠢᠭ ᠢ ᠪᠠᠭᠲᠠᠭᠠᠵᠤ᠂ ᠪᠠᠰᠠ ᠡᠯᠧᠺᠲᠷᠣᠨ ᠨᠣᠮ ᠪᠢᠴᠢᠭ᠂ ᠥᠪᠡᠷ ᠢᠶᠠᠨ ᠨᠣᠮ ᠪᠢᠴᠢᠭ ᠵᠢᠭᠡᠯᠡᠨ ᠪᠤᠴᠠᠭᠠᠬᠤ ᠮᠠᠰᠢᠨ᠂ ᠨᠣᠮ ᠪᠢᠴᠢᠭ ᠪᠠᠶᠢᠴᠠᠭᠠᠨ ᠯᠠᠪᠯᠠᠬᠤ ᠮᠠᠰᠢᠨ ᠵᠡᠷᠭᠡ ᠡᠯᠧᠺᠲᠷᠣᠨ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠨᠣᠮ ᠪᠢᠴᠢᠭ  ᠵᠢᠭᠡᠯᠡᠭᠦᠯᠬᠦ᠂ ᠮᠡᠳᠡᠭᠡ ᠵᠠᠩᠭᠢ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃ ᠮᠦᠽᠧᠢ ᠳᠤ ᠨᠠᠰᠤᠨ ᠳᠤ ᠬᠦᠷᠦᠭᠰᠡᠳ᠂ ᠬᠡᠦᠬᠡᠳ᠂ ᠬᠠᠷᠰᠢ ᠰᠠᠭᠠᠳ ᠦᠭᠡᠢ ᠤᠩᠰᠢᠯᠭ᠎ᠠ ᠶᠢᠨ ᠲᠠᠰᠤᠭ ᠵᠢᠴᠢ ᠰᠡᠯᠡᠭᠦᠴᠡᠯ ᠤᠨ ᠲᠣᠭᠤᠷᠢᠭ ᠵᠡᠷᠭᠡ ᠣᠷᠣᠨ ᠪᠦᠰᠡ ᠲᠠᠢ ᠪᠠᠶᠢᠵᠤ᠂ ᠤᠯᠠᠨ ᠤ ᠨᠣᠮ ᠪᠢᠴᠢᠭ ᠢ ᠤᠩᠰᠢᠬᠤ ᠳᠤ ᠬᠠᠩᠭᠠᠳᠠᠭ᠃ ᠭᠠᠷᠠᠭ ᠪᠦᠷᠢ ᠨᠡᠭᠡᠭᠡᠬᠦ ᠴᠠᠭ ᠨᠢ 66 ᠴᠠᠭ ᠪᠠᠶᠢᠵᠤ᠂ ᠪᠦᠬᠦ ᠵᠢᠯ ᠳᠤ ᠠᠮᠠᠷᠠᠬᠤ ᠦᠭᠡᠢ᠂ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃    2022 ᠣᠨ ᠳᠤ ᠪᠥᠬᠦ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠤ ᠥᠷᠨᠢᠭᠦᠯᠦᠭᠰᠡᠨ ᠪᠥᠬᠦ ᠤᠯᠤᠰ ᠤᠨ ᠳᠣᠯᠣᠳᠤᠭᠠᠷ ᠤᠳᠠᠭᠠᠨ ᠤ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠨᠣᠮ ᠤᠨ ᠰᠠᠩ ᠢ ᠦᠨᠡᠯᠡᠨ ᠵᠢᠱᠢᠵᠦ ᠲᠠᠰ ᠲᠣᠭᠲᠠᠭᠠᠬᠤ ᠠᠵᠢᠯ ᠤᠨ ᠳᠤᠮᠳᠠ᠂ ᠬᠤᠲᠠ ᠶᠢᠨ ᠨᠣᠮ ᠤᠨ ᠰᠠᠩ ᠨᠢ ︽ᠤᠯᠤᠰ ᠤᠨ ᠭᠤᠷᠪᠠᠳᠣᠭᠠᠷ ᠳᠡᠰ ᠤᠨ ᠨᠣᠮ ᠤᠨ ᠰᠠᠩ︾ ᠢᠶᠠᠷ ᠦᠨᠡᠯᠡᠭᠳᠡᠪᠡ᠃    ᠣᠲᠣ ᠪᠣᠯᠲᠠᠯ᠎ᠠ᠂ ᠲᠣᠰ ᠨᠣᠮ ᠤᠨ ᠰᠠᠩ ᠳᠤ ᠨᠡᠶᠢᠲᠡ 21 ᠲᠠᠯᠠᠪᠤᠷ ᠤᠳᠠᠭ᠎ᠠ ᠡᠯᠪᠡᠭ ᠪᠠᠶᠠᠯᠢᠭ᠂ ᠣᠯᠠᠨ ᠶᠠᠩᠵᠤ ᠶᠢᠨ ᠬᠡᠯᠪᠡᠷᠢ ᠶᠢᠨ ᠰᠦᠯᠵᠢᠶᠡᠨ ᠭᠠᠳᠠᠨᠠᠬᠢ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 4500 ᠭᠠᠷᠤᠶ ᠬᠥᠮᠦᠨ ᠤᠳᠠᠭ᠎ᠠ ᠠᠵᠢᠯᠯᠠᠭ᠎ᠠ ᠳᠤ ᠣᠷᠣᠯᠴᠠᠵᠤ᠂ ᠨᠣᠮ ᠤᠨ ᠰᠠᠩ ᠤᠨ ᠸᠢᠴᠠᠲ ᠤᠨ ᠨᠡᠶᠢᠲᠡ ᠶᠢᠨ ᠳ᠋ᠤᠭᠠᠷ ᠢ 109 ᠬᠤᠪᠢ ᠤᠳᠠᠭ᠎ᠠ ᠲᠠᠨᠢᠯᠴᠠᠭᠤᠯᠵᠤ᠂ ᠰᠦᠯᠵᠢᠶᠡᠨ ᠳᠡᠭᠡᠷ᠎ᠡ 10836 ᠬᠥᠮᠦᠨ ᠤᠳᠠᠭ᠎ᠠ ᠦᠵᠡᠵᠦ᠂ ᠨᠣᠮ ᠤᠨ ᠰᠠᠩ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠪᠡ᠃    ᠨᠣᠮ ᠤᠨ ᠰᠠᠩ᠂ ᠨᠢᠭᠡ ᠬᠤᠲᠠ ᠶᠢᠨ ᠬᠠᠮᠤᠭ ᠨᠠᠮ ᠳᠦᠯᠭᠡᠨ ᠪᠣᠯᠣᠩ ᠨᠢ ᠬᠠᠷᠢᠨ ᠬᠠᠮᠤᠭ ᠬᠦᠭᠵᠢᠶᠡᠨ ᠲᠠᠢ ᠦᠵᠡᠯ ᠰᠠᠨᠠᠭ᠎ᠠ ᠳᠣᠭᠳᠣᠯᠵᠤ ᠪᠠᠶᠢᠯ᠎ᠠ᠃ ᠲᠡᠷᠡ ᠨᠢ ᠪᠣᠯᠪᠠᠰᠤᠨ ᠤ ᠤᠴᠢ ᠶᠢ ᠬᠠᠳᠠᠭᠠᠯᠠᠵᠤ᠂ ᠢᠷᠡᠭᠡᠳᠦᠢ ᠶᠢᠨ ᠰᠢᠨ᠎ᠡ ᠮᠡᠳᠡᠯᠭᠡ ᠶᠢ ᠴᠦ ᠰᠢᠮᠡᠵᠢᠭᠦᠯᠵᠤ ᠪᠠᠶᠢᠳᠠᠭ᠂ ᠨᠡᠩ ᠴᠤ ᠪᠣᠭᠤᠮᠲᠠ ᠶᠢᠨ ᠬᠤᠳᠠ ᠶᠢᠨ ᠬᠥᠭᠵᠢᠯᠲᠡ ᠶᠢᠨ ᠬᠦᠰᠡᠯ ᠡᠷᠡᠮᠡᠯᠵᠡᠯ ᠢ ᠠᠭᠤᠯᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号