ᠬᠢᠯᠢ ᠶᠢᠨ ᠪᠣᠭᠤᠮᠲᠠ ᠶᠢ ᠰᠠᠭᠠᠳ ᠦᠭᠡᠢ ᠨᠡᠪᠲᠡᠷᠡᠭᠦᠯᠬᠦ ᠶᠢ ᠳᠤ ᠪᠠᠲᠤ ᠰᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2023/12/18
   12 ᠰᠠᠷ᠎ᠠ ᠶᠢᠨ 14 ᠠᠴᠠ 15 ᠤ ᠡᠳᠦᠷ ᠪᠣᠯᠲᠠᠯ᠎ᠠ᠂ ᠮᠠᠨ ᠤ ᠬᠤᠲᠠ ᠳᠤ ᠰᠢᠷᠦᠭᠦᠨ ᠴᠠᠰᠦ ᠣᠷᠣᠵᠤ᠂ ᠪᠥᠬᠦ ᠬᠤᠲᠠ ᠶᠢᠨ ᠳᠤᠮᠳᠠᠴᠢ ᠬᠤᠷᠠᠭᠰᠠᠨ ᠴᠠᠰᠤᠨ ᠤ ᠭᠦᠨ ᠨᠢ 6.6 ᠮᠢᠯᠢᠮᠧᠲᠷ ᠪᠠᠶᠢᠵᠤ᠂ ᠶᠡᠭᠡ ᠴᠠᠰᠤᠨ ᠤ ᠲᠠᠰ ᠲᠤ ᠬᠦᠷᠴᠦ ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 32 ᠭᠷᠠᠳᠦ᠋ᠰ ᠲᠤ ᠬᠦᠷᠴᠦ᠂ ᠪᠣᠭᠤᠮᠲᠠ ᠪᠠᠷ ᠣᠷᠣᠵᠤ ᠭᠠᠷᠬᠤ ᠠᠶᠠᠨᠴᠢᠳ ᠪᠠ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠳᠤ ᠠᠰᠢᠭ ᠥᠬᠡᠶ ᠨᠥᠯᠥᠭᠡ ᠦᠵᠡᠭᠦᠯᠦᠭᠰᠡᠨ ᠪᠠᠶᠢᠨ᠎ᠠ᠃    ᠬᠠᠲᠠᠭᠤ ᠰᠢᠷᠦᠭᠦᠨ ᠴᠠᠭ ᠠᠭᠤᠷ ᠤᠨ ᠪᠣᠭᠤᠮᠲᠠ ᠪᠠᠷ ᠥᠩᠭᠡᠷᠡᠬᠦ ᠳᠤ ᠦᠵᠡᠭᠦᠯᠬᠦ ᠨᠥᠯᠥᠭᠡ ᠶᠢ ᠪᠠᠭᠤᠷᠠᠭᠤᠯᠬᠤ ᠶᠢᠨ ᠳᠣᠯᠠᠳᠠ᠂ ᠪᠣᠭᠤᠮᠲᠠ ᠶᠢᠨ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠡ ᠬᠠᠲᠠᠭᠤ ᠰᠢᠷᠦᠭᠦᠨ ᠴᠠᠭ ᠠᠭᠤᠷ ᠤᠨ ᠪᠣᠭᠤᠮᠲᠠ ᠪᠠᠷ ᠥᠩᠭᠡᠷᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠵᠢᠵᠢᠭᠦᠷᠯᠡᠭᠴᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠶᠢᠴᠠᠭᠠᠨ ᠰᠢᠯᠭᠠᠬᠤ ᠵᠠᠮ ᠢ ᠭᠦᠢᠴᠡᠳ ᠨᠡᠭᠡᠭᠡᠵᠦ᠂ ᠬᠥᠮᠥᠨ ᠪᠠ ᠲᠡᠷᠭᠡ ᠶᠢ ᠪᠠᠶᠢᠴᠠᠭᠠᠨ ᠰᠢᠯᠭᠠᠵᠤ ᠶᠠᠪᠤᠭᠤᠯᠬᠤ ᠬᠤᠷᠳᠤᠴᠠ ᠶᠢ ᠲᠦᠷᠭᠡᠳᠬᠡᠨ᠂ ᠬᠠᠲᠠᠭᠤ ᠰᠢᠷᠦᠭᠦᠨ ᠴᠠᠭ ᠠᠭᠤᠷ ᠤᠨ ᠪᠠᠶᠢᠳᠠᠯ ᠳᠣᠣᠷᠠᠬᠢ ᠪᠣᠭᠤᠮᠲᠠ ᠪᠠᠷ ᠥᠩᠭᠡᠷᠡᠬᠦ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ 14 ᠤ ᠭᠠᠭᠴᠠ ᠡᠳᠦᠷ ᠲᠤ᠂ ᠡᠷᠢᠶᠡᠨ ᠪᠣᠭᠤᠮᠲᠠ ᠶᠢᠨ ᠬᠢᠨ ᠬᠢᠯᠢ ᠪᠠᠷ ᠣᠷᠣᠵᠤ ᠭᠠᠷᠬᠤ ᠠᠶᠠᠨᠴᠢᠳ ᠨᠡᠶᠢᠳᠡ 3875 ᠬᠥᠮᠦᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ 1113 ᠤᠳᠠᠭ᠎ᠠ ᠶᠢ ᠪᠠᠶᠢᠴᠠᠭᠠᠨ ᠭᠠᠷᠭᠠᠪᠠ᠃    ᠡᠨᠡ ᠵᠢᠯ ᠠᠴᠠ ᠨᠠᠰᠢ᠂ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠡ ᠪᠣᠭᠤᠮᠲᠠ ᠶᠢᠨ ︽ᠶᠡᠭᠡ ᠪᠠᠷ ᠣᠷᠣᠭᠤᠯᠵᠤ ᠶᠡᠭᠡ ᠪᠠᠷ ᠭᠠᠷᠭᠠᠬᠤ᠂ ᠲᠦᠷᠭᠡᠨ ᠣᠷᠣᠭᠤᠯᠵᠤ ᠲᠦᠷᠭᠡᠨ ᠭᠠᠷᠭᠠᠬᠤ︾ ᠬᠥᠭᠵᠢᠯᠲᠡ ᠶᠢᠨ ᠣᠳᠣᠬᠢ ᠪᠠᠶᠢᠳᠠᠯ ᠤᠨ ᠡᠮᠦᠨ᠎ᠡ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢᠲᠡᠶ ᠪᠠᠷ ᠪᠣᠭᠤᠮᠲᠠ ᠪᠠᠷ ᠥᠩᠭᠡᠷᠡᠬᠦ᠂ ︽ᠬᠢᠯᠢ ᠠᠯᠤᠰᠯᠠᠨ ᠠᠪᠤᠷᠠᠨ ᠲᠤᠰᠠᠯᠠᠬᠤ︾᠂ ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾᠂ ︽ᠲᠠᠸᠠᠷ ᠤᠨ ᠲᠡᠷᠭᠡ ᠶᠢ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠵᠡᠷᠭᠡ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号