ᠬᠤᠷᠠᠭᠰᠠᠨ ᠴᠠᠰᠤ ᠶᠢ ᠠᠷᠢᠯᠭᠠᠵᠤ᠂ ᠪᠥᠬᠦ ᠬᠦᠴᠦᠨ ᠢᠶᠠᠷ ᠢᠶᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/12/18
  ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ 12 ᠰᠠᠷ᠎ᠠ ᠶᠢᠨ 14 ᠤ ᠡᠳᠦᠷ᠂ ᠮᠠᠨ ᠤ ᠬᠤᠲᠠ ᠰᠢᠷᠦᠭᠦᠨ ᠴᠠᠰᠤ ᠣᠷᠣᠪᠠ᠃ ᠥᠷᠯᠥᠭᠡ ᠡᠷᠲᠡ᠂ ᠪᠦᠬᠦ ᠬᠤᠲᠠ ︽ᠮᠥᠩᠭᠦᠨ ᠬᠤᠪᠴᠠᠰᠤ︾ ᠨᠦᠮᠦᠷᠪᠡ᠃ ᠥᠷᠭᠡᠨ ᠣᠯᠠᠨ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠬᠤ ᠶᠢᠨ ᠳᠣᠯᠠᠳᠠ᠂ ᠬᠤᠲᠠ ᠶᠢᠨ ᠾᠦᠢ ᠹᠧᠩ ᠴᠢᠩ ᠰᠢᠤᠸᠠᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠴᠠᠰᠤ ᠰᠢᠭᠤᠷᠭ᠎ᠠ ᠲᠠᠢ ᠪᠦᠬᠦ ᠬᠦᠴᠦᠨ ᠢᠶᠠᠷ ᠢᠶᠠᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃    ᠬᠤᠲᠠ ᠲᠣᠭᠤᠷᠢᠭ ᠤᠨ ᠭᠤᠤᠯ ᠵᠡᠭᠡᠯᠢ ᠭᠤᠳᠤᠮᠵᠢ ᠳᠤ᠂ ᠤᠯᠠᠭᠠᠨ ᠥᠩᠭᠡᠲᠡᠶ ᠠᠵᠢᠯ ᠤᠨ ᠬᠤᠪᠴᠠᠰᠤ ᠡᠮᠦᠰᠦᠭᠰᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠵᠠᠮ ᠤᠨ ᠬᠤᠶᠠᠷ ᠲᠠᠯ᠎ᠠ ᠪᠠᠷ ᠪᠠᠴᠢᠮ ᠶᠠᠭᠠᠷᠠᠯᠲᠠᠢ ᠠᠵᠢᠯᠯᠠᠵᠤ᠂ ᠬᠠᠬᠢᠷ ᠬᠦᠢᠳᠡᠨ ᠠᠴᠠ ᠠᠶᠤᠬᠤ ᠦᠭᠡᠢ᠂ ᠭᠠᠷ ᠲᠠᠭᠠᠨ ᠱᠦᠭᠦᠷ᠂ ᠴᠠᠰᠤ ᠲᠦᠯᠬᠢᠬᠦ ᠬᠠᠪᠲᠠᠰᠤ ᠵᠡᠷᠭᠡ ᠪᠠᠭᠠᠵᠢ ᠬᠡᠷᠡᠭᠰᠡᠯ ᠢᠶᠠᠷ ᠴᠠᠰᠤ ᠠᠷᠢᠯᠭᠠᠬᠤ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠶ ᠥᠷᠨᠢᠭᠦᠯᠪᠡ᠃ ᠵᠤᠵᠠᠭᠠᠨ ᠬᠤᠪᠴᠠᠰᠤ ᠬᠤᠨᠠᠷ ᠂ ᠶᠠᠭᠠᠷᠠᠯᠳᠤᠵᠤ ᠪᠠᠶᠢᠭ᠎ᠠ ᠨᠢ ᠡᠪᠦᠯ ᠤᠨ ᠡᠳᠦᠷ ᠤᠨ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠦᠵᠡᠮᠵᠢ ᠶᠢᠨ ᠣᠷᠣᠨ ᠢ ᠪᠦᠷᠢᠯᠳᠦᠭᠦᠯᠦᠭᠰᠡᠨ ᠪᠠᠶᠢᠨ᠎ᠠ᠃    ᠡᠭᠦᠨ ᠤ ᠬᠠᠮᠲᠤ᠂ ᠵᠡᠭᠡᠯᠢ ᠭᠤᠳᠤᠮᠵᠢ ᠳᠡᠭᠡᠷᠡᠬᠢ ᠣᠯᠠᠨ ᠵᠦᠢᠯ ᠤᠨ ᠲᠣᠮᠣ ᠬᠡᠯᠪᠡᠷᠢ ᠶᠢᠨ ᠴᠠᠰᠤ ᠠᠷᠢᠯᠭᠠᠬᠤ ᠮᠠᠰᠢᠨ ᠮᠧᠬᠠᠨᠢᠭ ᠭᠠᠷᠭᠠᠵᠤ᠂ ᠴᠠᠰᠤ ᠠᠷᠢᠯᠭᠠᠬᠤ ᠳᠠᠶᠢᠨ ᠳᠤ ᠲᠡᠷᠡ ᠳᠠᠷᠤᠶ ᠳᠤᠨᠢ ᠪᠦᠬᠦ ᠲᠠᠯ᠎ᠠ ᠪᠠᠷ ᠣᠷᠣᠯᠴᠠᠵᠤ᠂ ᠲᠡᠮᠦᠷ ᠵᠠᠮ ᠤᠨ ᠠᠶᠠᠨᠴᠢᠳ ᠤᠨ ᠲᠡᠷᠭᠡᠨ ᠥᠷᠲᠡᠭᠡ᠂ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ᠂ ᠵᠡᠭᠡᠯᠢ ᠲᠣᠭᠤᠷᠢᠭ ᠤᠨ ᠠᠮᠤᠷ ᠲᠦᠪᠰᠢᠨ ᠭᠠᠷᠬᠤ ᠡᠭᠦᠳᠡ᠂ ᠪᠠᠴᠢᠮ ᠪᠠᠶᠢᠳᠠᠯ ᠢ ᠠᠷᠭᠠᠴᠠᠬᠤ ᠵᠠᠮ ᠵᠡᠷᠭᠡ ᠴᠢᠬᠤᠯᠠ ᠣᠷᠣᠨ ᠪᠦᠰᠡ ᠶᠢ ᠤᠷᠢᠳ ᠢᠶᠠᠷ ᠴᠡᠪᠡᠷᠯᠡᠨ᠎ᠡ᠃ ᠠᠷᠤ ᠭᠤᠳᠤᠮᠵᠢ ᠶᠢᠨ ᠵᠡᠭᠡᠯᠢ ᠲᠣᠭᠤᠷᠢᠭ ᠬᠢᠭᠡᠳ ᠭᠤᠤᠯ ᠵᠡᠭᠡᠯᠢ ᠭᠤᠳᠤᠮᠵᠢ ᠶᠢ ᠵᠡᠷᠭᠡ ᠪᠠᠷ ᠴᠡᠪᠡᠷᠯᠡᠨ ᠲᠡᠭᠡᠭᠡᠪᠦᠷᠢᠯᠡᠵᠦ᠂ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠴᠠᠰᠤ ᠠᠷᠢᠯᠭᠠᠬᠤ ᠠᠵᠢᠯ ᠤᠨ ᠬᠠᠷᠢᠭᠤᠴᠠᠯᠭ᠎ᠠ ᠶᠢᠨ ᠣᠷᠣᠨ ᠤ ᠠᠭᠤᠯᠵᠠᠷ ᠭᠠᠵᠠᠷ ᠢ ᠴᠠᠭ ᠲᠤᠬᠠᠢ ᠳᠤᠨᠢ  ᠴᠡᠪᠡᠷᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号