12 ᠰᠠᠷ᠎ᠠ ᠶᠢᠨ 14 ᠠᠴᠠ 15 ᠤ ᠡᠳᠦᠷ ᠪᠣᠯᠲᠠᠯ᠎ᠠ᠂ ᠮᠠᠨ ᠤ ᠬᠤᠲᠠ ᠳᠤ ᠰᠢᠷᠦᠭᠦᠨ ᠴᠠᠰᠦ ᠣᠷᠣᠵᠤ᠂ | ᠪᠥᠬᠦ ᠬᠤᠲᠠ ᠶᠢᠨ ᠳᠤᠮᠳᠠᠴᠢ ᠬᠤᠷᠠᠭᠰᠠᠨ ᠴᠠᠰᠤᠨ ᠤ ᠭᠦᠨ ᠨᠢ 6.6 ᠮᠢᠯᠢᠮᠧᠲᠷ ᠪᠠᠶᠢᠵᠤ᠂ ᠶᠡᠭᠡ ᠴᠠᠰᠤᠨ ᠤ | ᠲᠠᠰ ᠲᠤ ᠬᠦᠷᠴᠦ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 32 ᠭᠷᠠᠳᠦ᠋ᠰ ᠲᠤ | ᠬᠦᠷᠴᠦ᠂ ᠪᠣᠭᠤᠮᠲᠠ ᠪᠠᠷ ᠣᠷᠣᠵᠤ ᠭᠠᠷᠬᠤ ᠠᠶᠠᠨᠴᠢᠳ ᠪᠠ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠳᠤ ᠠᠰᠢᠭ | ᠥᠬᠡᠶ ᠨᠥᠯᠥᠭᠡ ᠦᠵᠡᠭᠦᠯᠦᠭᠰᠡᠨ ᠪᠠᠶᠢᠨ᠎ᠠ᠃ | ᠬᠠᠲᠠᠭᠤ ᠰᠢᠷᠦᠭᠦᠨ ᠴᠠᠭ ᠠᠭᠤᠷ ᠤᠨ ᠪᠣᠭᠤᠮᠲᠠ ᠪᠠᠷ ᠥᠩᠭᠡᠷᠡᠬᠦ ᠳᠤ ᠦᠵᠡᠭᠦᠯᠬᠦ ᠨᠥᠯᠥᠭᠡ ᠶᠢ | ᠪᠠᠭᠤᠷᠠᠭᠤᠯᠬᠤ ᠶᠢᠨ ᠳᠣᠯᠠᠳᠠ᠂ ᠪᠣᠭᠤᠮᠲᠠ ᠶᠢᠨ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠡ | ᠬᠠᠲᠠᠭᠤ ᠰᠢᠷᠦᠭᠦᠨ ᠴᠠᠭ ᠠᠭᠤᠷ ᠤᠨ ᠪᠣᠭᠤᠮᠲᠠ ᠪᠠᠷ ᠥᠩᠭᠡᠷᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠵᠢᠵᠢᠭᠦᠷᠯᠡᠭᠴᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠪᠠᠶᠢᠴᠠᠭᠠᠨ ᠰᠢᠯᠭᠠᠬᠤ ᠵᠠᠮ ᠢ ᠭᠦᠢᠴᠡᠳ ᠨᠡᠭᠡᠭᠡᠵᠦ᠂ ᠬᠥᠮᠥᠨ ᠪᠠ ᠲᠡᠷᠭᠡ ᠶᠢ ᠪᠠᠶᠢᠴᠠᠭᠠᠨ ᠰᠢᠯᠭᠠᠵᠤ ᠶᠠᠪᠤᠭᠤᠯᠬᠤ | ᠬᠤᠷᠳᠤᠴᠠ ᠶᠢ ᠲᠦᠷᠭᠡᠳᠬᠡᠨ᠂ ᠬᠠᠲᠠᠭᠤ ᠰᠢᠷᠦᠭᠦᠨ ᠴᠠᠭ ᠠᠭᠤᠷ ᠤᠨ ᠪᠠᠶᠢᠳᠠᠯ ᠳᠣᠣᠷᠠᠬᠢ ᠪᠣᠭᠤᠮᠲᠠ ᠪᠠᠷ | ᠥᠩᠭᠡᠷᠡᠬᠦ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠪᠦᠷᠢᠳᠬᠡᠯ ᠢ ᠦᠨᠳᠦᠰᠦᠯᠡᠪᠡᠯ᠂ 14 ᠤ ᠭᠠᠭᠴᠠ ᠡᠳᠦᠷ ᠲᠤ᠂ ᠡᠷᠢᠶᠡᠨ ᠪᠣᠭᠤᠮᠲᠠ ᠶᠢᠨ ᠬᠢᠨ ᠬᠢᠯᠢ ᠪᠠᠷ ᠣᠷᠣᠵᠤ | ᠭᠠᠷᠬᠤ ᠠᠶᠠᠨᠴᠢᠳ ᠨᠡᠶᠢᠳᠡ 3875 ᠬᠥᠮᠦᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ | 1113 ᠤᠳᠠᠭ᠎ᠠ ᠶᠢ ᠪᠠᠶᠢᠴᠠᠭᠠᠨ ᠭᠠᠷᠭᠠᠪᠠ᠃ | ᠡᠨᠡ ᠵᠢᠯ ᠠᠴᠠ ᠨᠠᠰᠢ᠂ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠡ ᠪᠣᠭᠤᠮᠲᠠ ᠶᠢᠨ ︽ | ᠶᠡᠭᠡ ᠪᠠᠷ ᠣᠷᠣᠭᠤᠯᠵᠤ ᠶᠡᠭᠡ ᠪᠠᠷ ᠭᠠᠷᠭᠠᠬᠤ᠂ ᠲᠦᠷᠭᠡᠨ ᠣᠷᠣᠭᠤᠯᠵᠤ ᠲᠦᠷᠭᠡᠨ ᠭᠠᠷᠭᠠᠬᠤ︾ ᠬᠥᠭᠵᠢᠯᠲᠡ ᠶᠢᠨ | ᠣᠳᠣᠬᠢ ᠪᠠᠶᠢᠳᠠᠯ ᠤᠨ ᠡᠮᠦᠨ᠎ᠡ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠴᠢ | ᠢᠲᠡᠭᠡᠮᠵᠢᠲᠡᠶ ᠪᠠᠷ ᠪᠣᠭᠤᠮᠲᠠ ᠪᠠᠷ ᠥᠩᠭᠡᠷᠡᠬᠦ᠂ ︽ᠬᠢᠯᠢ ᠠᠯᠤᠰᠯᠠᠨ ᠠᠪᠤᠷᠠᠨ ᠲᠤᠰᠠᠯᠠᠬᠤ︾᠂ ︽ᠳᠤᠮᠳᠠᠳᠤ | ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾᠂ | ︽ᠲᠠᠸᠠᠷ ᠤᠨ ᠲᠡᠷᠭᠡ ᠶᠢ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠵᠡᠷᠭᠡ ᠪᠣᠭᠤᠮᠲᠠ ᠪᠠᠷ ᠥᠩᠭᠡᠷᠡᠬᠦ ᠶᠢ | ᠳᠥᠭᠦᠮᠴᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠪᠣᠭᠤᠮᠲᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ |