ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 86 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠪᠦᠬᠦ ᠬᠤᠳᠠ ᠶᠢᠨ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠠᠷᠢᠭᠤᠨ ᠴᠢᠬᠡᠴᠢ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/20
   12 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 86 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠪᠦᠬᠦ ᠬᠤᠳᠠ ᠶᠢᠨ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠠᠷᠢᠭᠤᠨ ᠴᠢᠬᠡᠴᠢ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠰᠢᠯᠭᠠᠨ ᠦᠨᠡᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠬᠤᠷᠠᠯ ᠳᠤ ᠰᠤᠯᠠ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠲᠠᠨ ᠤ ᠨᠢᠭᠡᠳᠦᠭᠡᠷ ᠰᠠᠯᠠᠭᠠᠨ ᠤ ᠳᠠᠷᠤᠭ᠎ᠠ ᠰᠠᠶᠢᠨᠪᠠᠶᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠶᠡᠷᠦᠩᠬᠡᠶᠢᠯᠡᠭᠰᠡᠨ ᠦᠨᠡᠯᠡᠯᠲᠡ ᠬᠢᠪᠡ᠃    ᠬᠤᠷᠠᠯ ᠳᠡᠭᠡᠷ᠎ᠡ᠂ ᠬᠤᠲᠠ ᠶᠢᠨ ᠭᠡᠷᠡᠯᠳᠦᠠᠣᠳᠦ ᠰᠤᠮᠤ ᠶᠢᠨ ᠨᠠᠮ ᠤᠨ ᠬᠤᠷᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ᠂ ᠤᠯᠠᠭᠠᠨ ᠨᠡᠶᠢᠭᠡᠮ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠲᠣᠰ ᠲᠣᠰ ᠲᠤᠰᠢᠶᠠᠯ ᠤᠨ ᠮᠡᠳᠡᠭᠦᠯᠦᠯᠲᠡ ᠬᠢᠪᠠ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠡᠭᠦᠷ ᠵᠡᠷᠭᠡ 9 ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠪᠡ᠃    ᠸᠠᠩ ᠰᠠᠨ ᠱᠢ ᠤᠯᠠᠨ ᠤ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠠᠮᠵᠢᠯᠲᠠ ᠪᠠᠨ ᠨᠤᠲᠠᠯᠠᠭᠰᠠᠨ ᠮᠥᠷᠲᠡᠭᠡᠨ ᠪᠠᠰᠠ ᠠᠰᠠᠭᠤᠳᠠᠯ ᠢ ᠵᠢᠭᠠᠨ ᠭᠠᠷᠭᠠᠵᠤ᠂ ᠱᠠᠭᠠᠷᠳᠠᠯᠭ᠎ᠠ ᠳᠤᠷᠠᠳᠴᠠᠢ᠃    ᠾᠧᠦ ᠶᠠᠨ ᠮᠢᠨ᠂ ᠭᠧᠩ ᡁᠢ ᠵᠢᠶᠦ᠋ᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠲᠤᠰ ᠲᠤᠰ ᠬᠠᠨᠳᠤᠯᠭᠠᠲᠤ ᠴᠢᠨᠠᠷᠲᠠᠢ ᠦᠨᠡᠯᠡᠯᠲᠡ ᠬᠢᠪᠡ᠃    ᠬᠤᠷᠠᠯ ᠠᠴᠠ᠂ ᠡᠨᠡ ᠵᠢᠯ ᠠᠴᠠ ᠨᠠᠰᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠬᠥᠭᠵᠢᠯᠲᠡ ᠶᠢ ᠠᠳᠬᠤᠵᠤ᠂ ᠠᠵᠤ ᠠᠬᠤᠢ ᠶᠢ ᠠᠳᠬᠤᠵᠤ᠂ ᠲᠦᠷᠦᠯ ᠵᠦᠢᠯ ᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠠᠭᠤᠰᠤᠯᠴᠠᠭᠤᠯᠵᠤ ᠂ ᠪᠦᠬᠦ ᠬᠤᠳᠠ ᠳᠤ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠭᠤᠤᠯ ᠰᠡᠳᠦᠪᠲᠦ ᠬᠥᠮᠦᠵᠢᠯ ᠢ ᠦᠷᠭᠦᠯᠵᠢᠯᠡᠨ ᠠᠬᠢᠭᠤᠯᠬᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠠᠲᠤᠳᠬᠠᠬᠤ᠂ ᠨᠠᠮ ᠤᠨ ᠪᠠᠶᠢᠭᠤᠯᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ ᠴᠢᠩᠭᠠᠳᠬᠠᠨ᠎ᠠ᠃ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠪᠣᠯᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠢ ᠬᠥᠮᠦᠵᠢᠭᠦᠯᠦᠨ ᠰᠣᠩᠭᠤᠬᠤ᠂ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠠᠷ ᠲᠠᠭᠠᠨ ᠠᠳᠬᠤᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃    ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠨᠠᠮ ᠤᠨ ᠭᠡᠰᠢᠭᠦᠨ ᠤᠳᠤᠷᠢᠳᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号