| | ᠣᠶᠢᠷ᠎ᠠ ᠶᠢᠨ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠬᠢᠯᠢ ᠶᠢᠨ ᠨᠢᠭᠡᠳᠦᠭᠡᠷ ᠹᠷᠣᠨᠲ ᠲᠤ ᠵᠢᠵᠢᠭᠦᠷᠯᠡᠬᠦ ᠣᠢᠶ᠎ᠠ ᠳᠤ᠂ | ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠳᠡᠭᠡᠷ᠎ᠡ ᠵᠡᠭᠡᠷ᠎ᠡ ᠶᠢᠨ ᠰᠦᠷᠦᠭ ᠪᠡᠯᠴᠢᠵᠦ ᠪᠠᠶᠢᠬᠤ ᠶᠢ ᠣᠯᠵᠦ ᠦᠵᠡᠪᠡ᠂ | ᠲᠤᠭ᠎ᠠ ᠳᠣᠯᠣᠭᠠᠢ ᠬᠡᠳᠦᠨ ᠵᠠᠭᠤ ᠭᠠᠷᠣᠢ ᠪᠠᠶᠢᠨ᠎ᠠ᠃ | | | | | | ᠬᠢᠯᠢ ᠬᠢᠵᠠᠭᠠᠷ ᠣᠷᠣᠨ ᠤ ᠳᠣᠣᠷ ᠰᠡᠷᠡᠯᠵᠢ ᠠᠷᠪᠢᠨ᠂ ᠤᠯᠤᠰ ᠤᠨ ᠡᠬᠦᠳᠡ ᠪᠠᠷ ᠵᠣᠷᠴᠢᠬᠤ ᠭᠠᠯᠲᠤ ᠲᠡᠷᠭᠡ ᠣᠯᠠᠨ | ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠨᠡ ᠰᠦᠷᠦᠭ ᠵᠡᠭᠡᠷ᠎ᠡ ᠶᠢ ᠬᠠᠮᠠᠭᠠᠯᠠᠵᠤ᠂ ᠡᠭᠦᠰᠴᠦ ᠮᠡᠳᠡᠬᠦ ᠬᠠᠤᠯᠢ ᠪᠤᠰᠤ | ᠪᠠᠷ ᠠᠩᠨᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠳᠣᠯᠠᠳᠠ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ | ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠪᠠᠷ ᠳᠠᠮᠵᠢᠭᠤᠯᠤᠨ ᠵᠡᠭᠡᠷ᠎ᠡ ᠶᠢᠨ ᠰᠦᠷᠦᠭ ᠤᠨ ᠪᠠᠶᠢᠳᠠᠯ ᠢ ᠴᠠᠭ ᠢᠮᠠᠭᠲᠠ ᠠᠩᠬᠠᠷᠣᠨ᠂ ᠪᠣᠭᠤᠮᠲᠠ ᠶᠢᠨ | ᠬᠢᠵᠠᠭᠠᠷᠯᠠᠭᠰᠠᠨ ᠣᠷᠣᠨ ᠪᠦᠰᠡ ᠶᠢᠨ ᠴᠠᠭᠳᠠᠨ ᠲᠣᠭᠤᠷᠢᠬᠤ ᠡᠷᠴᠢᠮ ᠢᠶᠠᠨ ᠴᠢᠩᠭᠠᠷᠠᠭᠤᠯᠵᠤ᠂ ᠡᠷᠢᠶᠡᠨ ᠪᠣᠭᠤᠮᠲᠠ ᠳᠤ | ᠠᠮᠤᠷ ᠲᠦᠪᠰᠢᠨ ᠢᠶᠠᠷ ᠢᠳᠡᠰᠢᠯᠡᠵᠦ᠂ ᠨᠡᠭᠦᠨ ᠰᠢᠯᠵᠢᠬᠦ ᠶᠢ ᠪᠠᠳᠣᠯᠠᠪᠠ᠃ | | | | | | ᠣᠶᠢᠷ᠎ᠠ ᠶᠢᠨ ᠵᠢᠯ ᠤᠳ ᠲᠤ᠂ ᠬᠢᠯᠢ ᠶᠢᠨ ᠱᠣᠭᠤᠮ ᠣᠷᠴᠢᠮ ᠤᠨ ᠠᠮᠢ ᠠᠬᠤᠶ ᠰᠠᠶᠢᠵᠢᠷᠠᠬᠤ ᠪᠠ ᠬᠡᠭᠡᠷ᠎ᠡ ᠶᠢᠨ | ᠠᠮᠢᠲᠠᠨ ᠤ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠲᠠᠰᠤᠷᠠᠯᠲᠠ | ᠥᠬᠡᠶ ᠴᠢᠩᠭᠠᠷᠠᠬᠤ ᠶᠢ ᠳᠠᠭᠠᠯᠳᠤᠨ᠂ ᠪᠣᠭᠤᠮᠲᠠ ᠶᠢᠨ ᠭᠠᠵᠠᠷ ᠣᠷᠣᠨ ᠤ ᠬᠡᠭᠡᠷ᠎ᠡ ᠶᠢᠨ ᠠᠮᠢᠲᠠᠨ ᠤ ᠲᠤᠭ᠎ᠠ ᠬᠡᠮᠵᠢᠶ᠎ᠡ | ᠰᠡᠷᠭᠦᠯᠲᠡ ᠶᠢᠨ ᠴᠢᠨᠠᠷᠲᠠᠶ ᠨᠡᠮᠡᠭᠳᠡᠯ ᠲᠠᠢ ᠪᠣᠯᠵᠣ᠂ ᠵᠡᠭᠡᠷ᠎ᠡ᠂ ᠠᠷᠭᠠᠯᠢ ᠤᠭᠠᠯᠵᠠ᠂ ᠮᠣᠩᠭᠤᠯ ᠤᠯᠤᠰ ᠤᠨ ᠵᠡᠷᠯᠢᠭ ᠡᠯᠵᠢᠭᠡ | ᠵᠡᠷᠭᠡ ᠬᠤᠪᠣᠷ ᠴᠤᠬᠠᠭ ᠬᠡᠭᠡᠷ᠎ᠡ ᠶᠢᠨ ᠠᠮᠢᠲᠠᠨ ᠮᠠᠨ ᠤ ᠬᠠᠷᠢᠶ᠎ᠠ ᠣᠷᠣᠨ ᠳᠤ ᠣᠷᠣᠵᠦ ᠢᠷᠡᠬᠦ ᠦᠵᠡᠭᠳᠡᠯ ᠣᠯᠠᠨ ᠢᠯᠡᠷᠡᠪᠡ᠃ | | |