ᠵᠡᠭᠡᠷ᠎ᠡ ᠶᠢᠨ ᠰᠦᠷᠦᠭ ᠡᠷᠢᠶᠡᠨ ᠪᠣᠭᠤᠮᠲᠠ ᠪᠠᠷ ᠡᠷᠢᠶᠡᠨ ᠬᠤᠳᠠ ᠳᠤ ᠣᠷᠣᠵᠦ ᠢᠷᠡᠪᠡ
ᠨᠡᠶᠢᠲᠡᠯᠡᠭᠰᠡᠨ ᠴᠠᠭ᠄
2023/12/21
 
    ᠣᠶᠢᠷ᠎ᠠ ᠶᠢᠨ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠬᠢᠯᠢ ᠶᠢᠨ ᠨᠢᠭᠡᠳᠦᠭᠡᠷ ᠹᠷᠣᠨᠲ ᠲᠤ ᠵᠢᠵᠢᠭᠦᠷᠯᠡᠬᠦ ᠣᠢᠶ᠎ᠠ ᠳᠤ᠂    ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠳᠡᠭᠡᠷ᠎ᠡ  ᠵᠡᠭᠡᠷ᠎ᠡ ᠶᠢᠨ ᠰᠦᠷᠦᠭ ᠪᠡᠯᠴᠢᠵᠦ ᠪᠠᠶᠢᠬᠤ ᠶᠢ ᠣᠯᠵᠦ ᠦᠵᠡᠪᠡ᠂ ᠲᠤᠭ᠎ᠠ ᠳᠣᠯᠣᠭᠠᠢ ᠬᠡᠳᠦᠨ ᠵᠠᠭᠤ ᠭᠠᠷᠣᠢ ᠪᠠᠶᠢᠨ᠎ᠠ᠃    ᠬᠢᠯᠢ ᠬᠢᠵᠠᠭᠠᠷ ᠣᠷᠣᠨ ᠤ ᠳᠣᠣᠷ ᠰᠡᠷᠡᠯᠵᠢ ᠠᠷᠪᠢᠨ᠂  ᠤᠯᠤᠰ ᠤᠨ ᠡᠬᠦᠳᠡ ᠪᠠᠷ ᠵᠣᠷᠴᠢᠬᠤ ᠭᠠᠯᠲᠤ ᠲᠡᠷᠭᠡ ᠣᠯᠠᠨ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂  ᠡᠨᠡ ᠰᠦᠷᠦᠭ ᠵᠡᠭᠡᠷ᠎ᠡ ᠶᠢ ᠬᠠᠮᠠᠭᠠᠯᠠᠵᠤ᠂ ᠡᠭᠦᠰᠴᠦ ᠮᠡᠳᠡᠬᠦ ᠬᠠᠤᠯᠢ ᠪᠤᠰᠤ ᠪᠠᠷ ᠠᠩᠨᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠳᠣᠯᠠᠳᠠ᠂   ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠᠷ ᠳᠠᠮᠵᠢᠭᠤᠯᠤᠨ ᠵᠡᠭᠡᠷ᠎ᠡ ᠶᠢᠨ ᠰᠦᠷᠦᠭ ᠤᠨ ᠪᠠᠶᠢᠳᠠᠯ ᠢ ᠴᠠᠭ ᠢᠮᠠᠭᠲᠠ ᠠᠩᠬᠠᠷᠣᠨ᠂  ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠴᠠᠭᠳᠠᠨ ᠲᠣᠭᠤᠷᠢᠬᠤ ᠡᠷᠴᠢᠮ ᠢᠶᠠᠨ ᠴᠢᠩᠭᠠᠷᠠᠭᠤᠯᠵᠤ᠂ ᠡᠷᠢᠶᠡᠨ ᠪᠣᠭᠤᠮᠲᠠ ᠳᠤ ᠠᠮᠤᠷ ᠲᠦᠪᠰᠢᠨ ᠢᠶᠠᠷ ᠢᠳᠡᠰᠢᠯᠡᠵᠦ᠂        ᠨᠡᠭᠦᠨ  ᠰᠢᠯᠵᠢᠬᠦ  ᠶᠢ   ᠪᠠᠳᠣᠯᠠᠪᠠ᠃    ᠣᠶᠢᠷ᠎ᠠ ᠶᠢᠨ ᠵᠢᠯ ᠤᠳ ᠲᠤ᠂ ᠬᠢᠯᠢ ᠶᠢᠨ ᠱᠣᠭᠤᠮ ᠣᠷᠴᠢᠮ ᠤᠨ ᠠᠮᠢ ᠠᠬᠤᠶ ᠰᠠᠶᠢᠵᠢᠷᠠᠬᠤ ᠪᠠ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠲᠠᠰᠤᠷᠠᠯᠲᠠ ᠥᠬᠡᠶ ᠴᠢᠩᠭᠠᠷᠠᠬᠤ ᠶᠢ ᠳᠠᠭᠠᠯᠳᠤᠨ᠂ ᠪᠣᠭᠤᠮᠲᠠ ᠶᠢᠨ ᠭᠠᠵᠠᠷ ᠣᠷᠣᠨ ᠤ ᠬᠡᠭᠡᠷ᠎ᠡ ᠶᠢᠨ ᠠᠮᠢᠲᠠᠨ ᠤ ᠲᠤᠭ᠎ᠠ ᠬᠡᠮᠵᠢᠶ᠎ᠡ ᠰᠡᠷᠭᠦᠯᠲᠡ ᠶᠢᠨ ᠴᠢᠨᠠᠷᠲᠠᠶ ᠨᠡᠮᠡᠭᠳᠡᠯ ᠲᠠᠢ ᠪᠣᠯᠵᠣ᠂ ᠵᠡᠭᠡᠷ᠎ᠡ᠂ ᠠᠷᠭᠠᠯᠢ ᠤᠭᠠᠯᠵᠠ᠂ ᠮᠣᠩᠭᠤᠯ ᠤᠯᠤᠰ ᠤᠨ ᠵᠡᠷᠯᠢᠭ ᠡᠯᠵᠢᠭᠡ ᠵᠡᠷᠭᠡ ᠬᠤᠪᠣᠷ ᠴᠤᠬᠠᠭ ᠬᠡᠭᠡᠷ᠎ᠡ ᠶᠢᠨ ᠠᠮᠢᠲᠠᠨ ᠮᠠᠨ ᠤ ᠬᠠᠷᠢᠶ᠎ᠠ ᠣᠷᠣᠨ ᠳᠤ ᠣᠷᠣᠵᠦ ᠢᠷᠡᠬᠦ ᠦᠵᠡᠭᠳᠡᠯ ᠣᠯᠠᠨ ᠢᠯᠡᠷᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号