︽ᠲᠤᠰᠬᠠᠢ ᠮᠡᠷᠬᠡᠵᠢᠯᠳᠡᠳ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠮᠠᠨ ᠤ ᠬᠤᠲᠠ ᠳᠤ ᠢᠷᠡᠵᠦ ᠣᠯᠠᠭᠠᠨᠮᠦ᠋ᠴᠢᠷ ᠢ ᠵᠢᠯᠣᠭᠤᠳᠪᠠ
ᠨᠡᠶᠢᠲᠡᠯᠡᠭᠰᠡᠨ ᠴᠠᠭ᠄
2023/12/21
   ᠣᠶᠢᠷ᠎ᠠ ᠳᠤ᠂ ᠪᠦᠬᠦ ᠣᠷᠣᠨ ᠤ ︽ᠲᠤᠰᠬᠠᠢ ᠮᠡᠷᠬᠡᠵᠢᠯᠳᠡᠳ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠶᠢᠨ ᠲᠥᠯᠥᠪᠯᠡᠭᠡ ᠶᠣᠰᠣᠭᠠᠷ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ 3 ᠳᠣᠭᠯᠠᠯᠳᠠ ᠶᠢᠨ ᠳᠣᠰᠬᠠᠢ ᠮᠡᠷᠭᠡᠵᠢᠯᠲᠡᠨ ᠮᠠᠨ ᠤ ᠬᠤᠲᠠ ᠶᠢᠨ ᠣᠯᠠᠭᠠᠨᠮᠦ᠋ᠴᠢᠷ ᠲᠤ ᠬᠦᠨᠵᠡᠬᠡᠶᠢᠷᠡᠵᠦ᠂ 5 ᠡᠳᠦᠷ ᠤᠨ ᠬᠤᠭᠤᠴᠠᠭ᠎ᠠ ᠲᠠᠢ ᠳᠠᠭᠤᠤ᠂ ᠪᠥᠵᠢᠭ᠂ ᠳᠠᠭᠤᠨ ᠤ ᠳᠣᠬᠢᠷᠠᠭᠤᠯᠣᠯᠳᠠ᠂  ᠭᠤᠸ᠎ᠠ ᠰᠠᠶᠢᠬᠠᠨ ᠵᠡᠷᠭᠡ ᠳᠠᠯ᠎ᠠ ᠪᠠᠷ ᠳᠣᠰᠬᠠᠢ ᠮᠡᠷᠭᠡᠵᠢᠯ ᠤᠨ ᠬᠠᠪᠰᠤᠷᠤᠨ ᠵᠢᠯᠣᠭᠤᠳᠬᠤ ᠪᠣᠯᠪᠠᠰᠤᠷᠠᠯ ᠥᠷᠨᠢᠭᠦᠯᠪᠡ᠃    ᠲᠣᠰ ᠤᠳᠠᠭᠠᠨ ᠤ ᠪᠣᠯᠪᠠᠰᠣᠷᠠᠯ ᠳᠤ ᠲᠥᠪᠯᠡᠷᠡᠭᠦᠯᠦᠨ ᠵᠢᠭᠠᠬᠤ ᠪᠠ ︽ᠨᠢᠭᠡᠳ ᠨᠢᠭᠡ ᠪᠠᠷ ᠵᠢᠭᠠᠬᠤ︾ ᠮᠠᠶ᠋ᠢᠭ ᠢ ᠣᠶᠠᠯᠳᠣᠭᠤᠯᠣᠨ ᠶᠠᠪᠣᠭᠳᠠᠭᠤᠯᠪᠠ᠃ ᠲᠣᠭᠯᠠᠯᠲᠠ ᠶᠢᠨ ᠲᠤᠰᠬᠠᠶ ᠮᠡᠷᠭᠡᠵᠢᠯᠲᠡᠨ ᠡᠯᠪᠡᠭ ᠪᠠᠶᠠᠯᠢᠭ ᠲᠠᠶᠢᠰᠠᠨ ᠤ ᠲᠤᠷᠰᠢᠯᠭ᠎ᠠ ᠳᠤ ᠲᠦᠰᠢᠭᠯᠡᠨ᠂ ᠲᠣᠭᠯᠠᠯᠲᠠ ᠶᠢᠨ ᠬᠡᠯᠪᠡᠷᠢ᠂ ᠲᠣᠭᠯᠠᠯᠲᠠ ᠶᠢᠨ ᠦᠷ᠎ᠡ ᠪᠦᠲᠦᠮᠵᠢ᠂ ᠳᠠᠭᠤᠨ ᠤ ᠲᠣᠬᠢᠷᠠᠭᠤᠯᠤᠯᠲᠠ ᠵᠡᠷᠭᠡ ᠳᠤ ᠲᠤᠰᠬᠠᠶ ᠮᠡᠷᠭᠡᠵᠢᠯ ᠤᠨ ᠴᠢᠨᠠᠷᠲᠠᠶ ᠵᠢᠯᠣᠭᠤᠳᠣᠯᠭ᠎ᠠ ᠬᠢᠭᠰᠡᠨ ᠪᠥᠭᠡᠳ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠳᠤᠷᠠᠳᠴᠤ᠂ ᠰᠤᠷᠤᠭᠴᠢᠳ ᠲᠠᠢ ᠤᠷᠠᠯᠢᠭ ᠤᠨ ᠲᠣᠭᠯᠠᠯᠲᠠ ᠶᠢᠨ ᠵᠣᠬᠢᠶᠠᠨ ᠪᠦᠲᠦᠭᠡᠬᠦ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠬᠤᠪᠢᠶᠠᠯᠴᠠᠵᠤ᠂ ᠤᠯᠠᠭᠠᠨᠮᠥ᠋ᠴᠢᠷ ᠤᠨ ᠭᠡᠰᠢᠭᠦᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠤᠷᠠᠯᠢᠭ ᠤᠨ ᠪᠣᠯᠪᠠᠰᠤᠷᠠᠯ ᠢ ᠳᠡᠭᠡᠭᠰᠢᠯᠡᠭᠦᠯᠪᠡ᠃    ᠤᠯᠠᠭᠠᠨᠮᠥ᠋ᠴᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠯᠠᠳᠠ᠂ ᠡᠨᠡ ᠵᠢᠯ ᠠᠴᠠ ᠨᠠᠰᠢ᠂ ᠬᠤᠲᠠ ᠶᠢᠨ ᠤᠯᠠᠭᠠᠨᠮᠥ᠋ᠴᠢᠷ ᠰᠤᠷᠤᠯᠴᠠᠯᠭ᠎ᠠ ᠪᠣᠯᠪᠠᠰᠤᠷᠠᠯ᠂ ᠠᠭᠤᠯᠭ᠎ᠠ ᠶᠢᠨ ᠪᠦᠳᠦᠭᠡᠯᠳᠠ᠂ ᠲᠣᠭᠯᠠᠯᠲᠠ ᠶᠢᠨ ᠦᠢᠯᠡᠴᠢᠯᠡᠭᠡ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ︽ᠰᠤᠷᠤᠯᠴᠠᠬᠤ᠂ ᠡᠭᠦᠳᠬᠦ᠂ ᠲᠣᠭᠯᠠᠬᠤ︾ ᠶᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ 12 ᠪᠦᠲᠦᠭᠡᠯ ᠢ ᠰᠢᠨ᠎ᠡ ᠪᠠᠷ ᠪᠦᠲᠦᠭᠡᠵᠦ᠂ 100 ᠭᠠᠷᠤᠢ ᠤᠳᠠᠭ᠎ᠠ ᠶᠢᠨ ᠲᠣᠭᠯᠠᠯᠲᠠ ᠭᠠᠷᠭᠠᠵᠦ᠂  ᠬᠦᠯᠢᠶᠡᠨ ᠠᠪᠣᠭᠰᠠᠨ ᠦᠵᠡᠭᠴᠢᠳ ᠲᠤ ᠳᠤᠭ᠎ᠠ 5 ᠲᠦᠮᠡ ᠭᠠᠷᠤᠢ ᠬᠥᠮᠦᠨ ᠤᠳᠠᠭ᠎ᠠ ᠶᠢ ᠳᠠᠪᠠᠵᠦ᠂ ᠨᠢᠭᠡ ᠪᠦᠯᠦᠭ ᠰᠢᠯᠢᠳᠡᠭ ᠪᠦᠲᠦᠭᠡᠯ ᠨᠢ ᠦᠵᠡᠭᠴᠢᠳ ᠤᠨ ᠰᠠᠶᠢᠨ ᠦᠨᠡᠯᠡᠯᠲᠡ ᠶᠢ ᠣᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号