ᠤᠯᠤᠰ ᠤᠨ ᠳᠡᠰ ᠤᠨ ᠰᠢᠨ᠎ᠡ ᠨᠡᠷ᠎ᠡ ᠶᠢᠨ ᠬᠠᠭᠤᠳᠠᠰᠤ︕ ᠮᠠᠨ ᠤ ᠬᠤᠲᠠ ᠤᠯᠤᠰ ᠤᠨ ᠳᠣᠯᠣᠳᠤᠭᠠᠷ ᠪᠦᠯᠦᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/12/25
   ᠡᠨᠡ ᠵᠢᠯ ᠤᠨ 10 ᠰᠠᠷ᠎ᠠ ᠳᠤ᠂ ᠡᠷᠢᠶᠡᠨ ᠬᠤᠳᠠ᠂ ᠵᠡᠭᠦᠨ ᠦᠵᠦᠮᠦᠴᠢᠨ ᠬᠤᠰᠢᠭᠤ ᠬᠤᠶᠠᠷ ᠭᠠᠵᠠᠷ ᠤᠯᠤᠰ ᠤᠨ ᠳᠣᠯᠣᠳᠤᠭᠠᠷ ᠪᠦᠯᠦᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠰᠣᠩᠭᠤᠭᠳᠠᠪᠠ᠃
   ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠲᠤ ᠪᠠᠶᠢᠷᠢᠯᠠᠵᠤ᠂ ᠣᠶᠢᠷ᠎ᠠ ᠶᠢᠨ ᠵᠢᠯ ᠳᠤ᠂ ᠮᠠᠨ ᠤ ᠬᠤᠲᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠵᠡᠷᠭᠡ ᠴᠢᠬᠤᠯᠠ ᠶᠡᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠦᠷ᠎ᠡ ᠪᠦᠲᠦᠮᠵᠢ ᠣᠯᠵᠤ᠂ ᠡᠮᠦᠨᠡᠰᠢ ᠤᠮᠠᠷᠠᠰᠢ 10 ᠺᠢᠯᠣᠮᠧᠲᠷ ᠤᠷᠳᠤ᠂ ᠵᠡᠭᠦᠨᠰᠢ ᠪᠠᠷᠠᠭᠤᠨᠰᠢ 500 ᠮᠧᠲᠷ ᠥᠷᠭᠡᠨ ᠰᠠᠯᠬᠢ ᠬᠠᠯᠬᠠᠯᠠᠬᠤ ᠣᠶ ᠶᠢᠨ ᠪᠦᠰᠡ ᠶᠢ ᠪᠠᠶᠢᠭᠤᠯᠵᠤ᠂ ᠡᠮᠦᠨ᠎ᠡ ᠠᠴᠠ ᠤᠮᠠᠷᠠᠰᠢ ᠪᠣᠬᠢᠷᠲᠤᠯ ᠥᠬᠡᠶ ᠠᠮᠢ ᠠᠬᠤᠢ ᠶᠢᠨ ᠬᠠᠯᠬᠠᠪᠴᠢ ᠶᠢ ᠪᠣᠶ ᠪᠣᠯᠭᠠᠵᠤ᠂ ᠬᠢᠯᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃
   ᠣᠶᠢᠯᠠᠭᠠᠭᠰᠠᠨ ᠢᠶᠠᠷ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠤ ᠲᠣᠪᠤᠶᠢᠮ᠎ᠠ ᠠᠮᠵᠢᠯᠲᠠ ᠣᠯᠤᠭᠰᠠᠨ ᠬᠤᠲᠠ ᠰᠢᠶᠠᠨ ᠤ ᠬᠠᠮᠤᠭ ᠤᠨ ᠳᠡᠭᠡᠳᠦ ᠢᠷᠠᠭᠤ ᠠᠯᠳᠠᠷ ᠮᠥᠨ᠃ ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠠᠮᠢ ᠠᠬᠤᠢ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠲᠥᠪᠯᠡᠷᠡᠭᠦᠯᠦᠨ ᠤᠤᠭᠤᠬᠤ ᠤᠰᠤᠨ ᠤ ᠡᠬᠢ ᠰᠤᠷᠪᠤᠯᠵᠢ ᠶᠢ ᠵᠢᠷᠤᠮᠵᠢᠭᠤᠯᠤᠨ ᠪᠦᠲᠦᠭᠡᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠮᠠᠨ ᠤ ᠬᠤᠲᠠ ᠶᠢ ᠠᠮᠵᠢᠯᠲᠠ ᠲᠠᠢ ᠪᠠᠷ ᠰᠣᠩᠭᠤᠨ ᠣᠷᠣᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
   ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠷᠢᠶᠡᠨ ᠬᠤᠲᠠ ᠶᠢᠨ ᠬᠤᠪᠢᠶᠠᠷᠢ ᠲᠣᠪᠴᠢᠶ᠎ᠠ ᠶᠢᠨ ᠸᠠᠩ ᠰᠢᠶᠤᠤ ᠬᠤᠩ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠦᠷᠭᠦᠯᠵᠢᠯᠡᠨ ᠡᠭᠦᠳᠦᠨ ᠪᠠᠶᠢᠭᠤᠯᠬᠤ ᠡᠷᠴᠢᠮ ᠢᠶᠠᠷ ᠮᠠᠨ ᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠦᠨ᠎ᠡ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号