ᠡᠪᠦᠯ ᠤᠨ ᠡᠳᠦᠷ ᠤᠨ ᠲᠣᠬᠤᠨᠢᠭᠤᠯᠭ᠎ᠠ ᠬᠦᠮᠦᠰ ᠤᠨ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/12/25
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄          12 ᠰᠠᠷ᠎ᠠ ᠶᠢᠨ 13 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ  ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ 206 ᠨᠡᠷᠡᠰ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠳᠤ ᠲᠣᠬᠤᠨᠢᠭᠤᠯᠬᠤ ᠪᠣᠳᠠᠰ  ᠂ ᠲᠣᠬᠤᠨᠢᠭᠤᠯᠬᠤ ᠮᠥᠩᠭᠦ ᠬᠦᠷᠭᠡᠵᠦ᠂ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠳᠤ ︽ ᠬᠠᠯᠠᠭᠤᠨ  ᠲᠤᠳᠤᠨᠦ︾  ᠬᠠᠯᠠᠮᠵᠢᠯᠠᠯ ᠬᠦᠷᠲᠡᠭᠡᠪᠡ᠃  ᠲᠠᠶᠢᠯᠪᠦᠷᠢ᠄           ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ 60 ᠨᠠᠰᠤᠨ ᠠᠴᠠ ᠳᠡᠭᠡᠭᠰᠢᠬᠢ ᠣᠷᠴᠢᠨ ᠲᠣᠭᠤᠷᠢᠨ ᠤ  ᠠᠵᠢᠯᠴᠢᠨ ᠪᠣᠯᠣᠨ 60 ᠨᠠᠰᠤᠨ ᠠᠴᠠ ᠳᠣᠷᠣᠭᠰᠢᠬᠢ ᠬᠦᠴᠢᠷᠳᠡᠯᠲᠡᠢ ᠣᠷᠴᠢᠨ ᠲᠣᠭᠤᠷᠢᠨ ᠤ  ᠠᠵᠢᠯᠴᠢᠨ ᠳᠤ ᠠᠮᠤ ᠪᠤᠳᠠᠭ᠎ᠠ ᠭᠤᠯᠢᠷ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠡᠳᠡᠨ ᠳᠤ ᠭᠦᠨ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ  ᠳᠡᠪᠰᠢᠭᠦᠯᠵᠦ  ᠂ ᠲᠡᠳᠡᠨ ᠤ ᠵᠣᠪᠠᠭᠤᠷᠢ ᠵᠦᠳᠡᠭᠦᠷᠢ ᠠᠴᠠ ᠬᠠᠯᠠᠰᠢᠷᠠᠬᠤ ᠦᠭᠡᠢ᠂ ᠬᠠᠬᠢᠷ ᠬᠦᠢᠲᠡᠨ ᠠᠴᠠ ᠠᠶᠤᠬᠤ ᠦᠭᠡᠢ ᠪᠠᠷ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠬᠤ ᠶᠢᠨ ᠬᠠᠮᠲᠤ ᠰᠢᠨ᠎ᠡ  ᠤᠨ ᠤ  ᠵᠥᠩᠨᠡᠯ ᠳᠡᠪᠰᠢᠭᠦᠯᠵᠡᠢ᠃          ᠬᠠᠯᠠᠭᠤᠨ ᠳᠣᠲᠣᠨᠣ ᠦᠭᠡ ᠶᠠᠷᠢᠶ᠎ᠠ᠂  ᠲᠤᠳᠤᠨᠦ ᠮᠡᠨᠳᠦᠴᠢᠯᠡᠯ ᠨᠢ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ  ᠠᠵᠢᠯᠴᠢᠳ ᠲᠤ ᠠᠵᠢᠯᠴᠢᠨ ᠤ ᠡᠪᠯᠡᠯ  ᠤᠨ  ᠬᠠᠯᠠᠮᠵᠢᠯᠠᠨ ᠬᠠᠶᠢᠷᠠᠯᠠᠵᠤ ᠪᠠᠶᠢᠭ᠎ᠠ   ᠶᠢ  ᠰᠡᠳᠬᠢᠯᠭᠡ ᠶᠢ ᠮᠡᠳᠡᠷᠡᠭᠦᠯᠪᠡ᠃          ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠯᠥᠸᠧ  ᠹᠸᠡᠭ ᠱᠠᠨ᠄ ᠠᠵᠢᠯᠴᠢᠨ ᠤ ᠡᠪᠯᠡᠯ  ᠤᠨ ᠲᠣᠬᠤᠨᠢᠭᠤᠯᠬᠤ ᠪᠣᠳᠠᠰ ᠪᠣᠯᠣᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠢᠳᠡᠨ ᠢ ᠬᠠᠯᠠᠮᠵᠢᠯᠠᠨ ᠬᠠᠶᠢᠷᠠᠯᠠᠭᠰᠠᠨ ᠳᠤ ᠲᠠᠯᠠᠷᠬᠠᠵᠤ ᠪᠠᠶᠢᠨ᠎ᠠ᠂ ᠪᠢᠳᠡ  ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠴᠡᠪᠡᠷ ᠴᠡᠮᠴᠡᠭᠡᠷ ᠬᠤᠳᠠ ᠶᠢᠨ ᠣᠷᠴᠢᠨ ᠲᠣᠭᠤᠷᠢᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号