ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠰᠢᠯᠭᠠᠯᠲᠠ ᠶᠢᠨ ᠬᠠᠭᠤᠳᠠᠰᠤ ᠶᠢ ᠳᠣᠰᠢᠶᠠᠭᠰᠠᠨ
ᠨᠡᠶᠢᠲᠡᠯᠡᠭᠰᠡᠨ ᠴᠠᠭ᠄
2023/12/25
ᠤᠷᠴᠢᠭᠤᠯᠤᠭᠴᠢ᠄ ᠪᠦᠷᠢᠩᠭᠤᠸ᠎ᠠᠤᠳᠤᠷᠢᠳᠬᠠᠯ᠄   12 ᠰᠠᠷ᠎ᠠ ᠶᠢᠨ 21 ᠤ ᠡᠳᠦᠷ᠂ ᠬᠤᠲᠠ ᠶᠢᠨ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠪᠠᠶᠢᠭᠤᠯᠤᠭᠳᠠᠭᠰᠠᠨ 30 ᠵᠢᠯ ᠤᠨ ᠣᠶ ᠶᠢᠨ  ᠰᠠᠭᠤᠳᠠᠯ ᠤᠨ ᠬᠤᠷᠠᠯ ᠬᠤᠷᠠᠯᠳᠣᠪᠠ᠃ ᠡᠷᠢᠶᠡᠨ  ᠬᠢᠯᠢ ᠶᠢᠨ ᠪᠣᠭᠤᠮᠲᠠ᠂ ᠡᠷᠢᠶᠡᠨ  ᠭᠠᠯᠳᠣ  ᠲᠡᠷᠭᠡᠨ ᠦᠷᠳᠡᠭᠡ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ ᠤᠨ ᠬᠢᠨ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠠᠵᠤ ᠠᠬᠤᠶᠢᠯᠠᠯ ᠲᠠᠢ ᠬᠥᠭᠵᠢᠯᠲᠡ ᠶᠢ ᠬᠠᠮᠲᠤᠪᠠᠷ ᠶᠠᠷᠢᠯᠴᠠᠵᠤ᠂ ᠢᠷᠡᠭᠡᠳᠦᠢ ᠶᠢ ᠬᠠᠮᠲᠤᠪᠠᠷ ᠵᠥᠪᠳᠡᠪᠡ᠃ ᠳᠠᠶᠢᠯᠪᠤᠷᠢ  ᠄  ᠰᠠᠭᠤᠳᠠᠯ ᠤᠨ  ᠬᠤᠷᠠᠯ ᠳᠡᠭᠡᠷ᠎ᠡ᠂ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠯᠢ ᠬᠢᠵᠠᠭᠠᠷ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠢ ᠳᠡᠮᠵᠢᠬᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠲᠠᠨᠢᠯᠴᠠᠭᠤᠯᠭ᠎ᠠ ᠬᠢᠵᠦ᠂ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠤᠨ ᠲᠤᠬᠠᠢ ᠲᠣᠳᠣᠷᠬᠠᠶᠢᠯᠠᠯᠲᠠ ᠬᠢᠵᠦ᠂ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠰ ᠤᠨ ᠲᠥᠯᠥᠭᠡᠯᠡᠭᠴᠢ ᠮᠥᠩᠭᠦᠨ ᠭᠦᠢᠯᠭᠡᠭᠡᠨ ᠤ ᠦᠢᠯᠡᠳᠬᠦᠨ ᠤ ᠲᠤᠬᠠᠢ ᠲᠠᠨᠢᠯᠴᠠᠭᠤᠯᠭ᠎ᠠ ᠬᠢᠵᠡᠢ᠃ ᠪᠠᠶᠢᠭᠤᠯᠤᠭᠳᠠᠭᠰᠠᠨ 30 ᠵᠢᠯ ᠤᠨ ᠲᠤᠷᠰᠢ᠂ ᠬᠢᠯᠢ ᠬᠢᠵᠠᠭᠠᠷ ᠣᠷᠣᠨ ᠤ ᠬᠢᠨ ︽ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ︾ ᠳᠤ ᠴᠢᠩᠭ᠎ᠠ ᠲᠦᠰᠢᠭᠯᠡᠨ᠂ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ‌‍ᠪᠤᠯᠤᠨ ᠪᠣᠳᠠᠲᠠᠢ ᠭᠠᠵᠠᠷ ᠲᠤᠨᠢ ᠡᠳ᠋ᠰᠢᠭᠦᠯᠬᠦ ᠪᠠᠷ ᠭᠤᠣᠯ ᠪᠣᠯᠭᠠᠭᠰᠠᠨ ᠬᠠᠮᠢᠶ᠎ᠠ ᠪᠦᠬᠦᠢ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ 1 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠵᠦ ᠪᠠᠶᠢᠭᠰᠠᠨ   ᠠᠴᠠ ᠪᠠᠨ 20 ᠲᠡᠭᠰᠢ ᠳᠥᠷᠪᠡᠯᠵᠢᠨ ᠺᠢᠯᠣᠮᠧᠲᠷ ᠪᠣᠯᠭᠠᠨ ᠬᠥᠭᠵᠢᠭᠦᠯᠵᠦ᠂ ᠠᠭᠤᠷᠬᠠᠢ ᠶᠢᠨ ᠭᠠᠷᠤᠯᠲᠠ᠂ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠠᠷᠢᠯᠭ᠎ᠠ ᠶᠢᠨ ᠮᠠᠲ᠋ᠧᠷᠢᠶᠠᠯ᠂ ᠮᠣᠳᠣᠨ ᠮᠠᠲ᠋ᠧᠷᠢᠶᠠᠯ ᠡᠳ᠋ᠰᠢᠭᠦᠯᠬᠦ ᠵᠢᠴᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠪᠠᠷ ᠭᠤᠣᠯ ᠪᠣᠯᠭᠠᠭᠰᠠᠨ ᠠᠵᠤ ᠦᠢᠯᠡᠰ ᠤᠨ ᠪᠦᠲᠦᠴᠡ ᠶᠢ ᠠᠩᠬ᠎ᠠ ᠠᠯᠬᠤᠮ ᠪᠦᠷᠢᠯᠳᠦᠭᠦᠯᠪᠡ᠃ ᠣᠳᠣᠬᠠᠨ ᠳᠤ ᠲᠡᠮᠦᠷ ᠤᠨ ᠬᠦᠳᠡᠷ ᠪᠣᠯᠪᠠᠰᠤᠷᠠᠭᠤᠯᠬᠤ ᠴᠢᠳᠠᠪᠤᠷᠢ 1000 ᠲᠦᠮᠡᠨ ᠲᠣᠨ᠂ ᠠᠮᠤ ᠲᠣᠰᠣ ᠪᠣᠯᠪᠠᠰᠤᠷᠠᠭᠤᠯᠬᠤ ᠴᠢᠳᠠᠪᠤᠷᠢ 80 ᠲᠦᠮᠡᠨ ᠲᠣᠨ᠂ ᠭᠠᠳᠠᠭᠠᠳᠤ   ᠠᠴᠠ ᠣᠷᠣᠭᠤᠯᠤᠭᠰᠠᠨ ᠠᠮᠢᠳᠤ ᠬᠤᠨᠢᠨ ᠤ ᠵᠢᠯ ᠤᠨ ᠪᠣᠯᠪᠠᠰᠤᠷᠠᠭᠤᠯᠬᠤ ᠴᠢᠳᠠᠪᠤᠷᠢ 200 ᠲᠦᠮᠡ ᠪᠠᠶᠢᠨ᠎ᠠ᠃ ᠣᠶᠢᠯᠠᠭᠠᠭᠰᠠᠨ ᠢᠶᠠᠷ᠂  ᠣᠳᠣᠬᠠᠨ ᠪᠣᠯᠲᠠᠯ᠎ᠠ᠂ ᠬᠦᠷᠢᠶᠡᠯᠡᠩ ᠲᠣᠭᠤᠷᠢᠭ ᠲᠤ ᠳᠠᠩᠰᠠᠯᠠᠭᠤᠯᠤᠭᠰᠠᠨ ᠪᠣᠯᠪᠠᠰᠤᠷᠠᠭᠤᠯᠬᠤ᠂ ᠠᠷᠠᠯᠵᠢᠶᠠᠯᠠᠬᠤ ᠵᠡᠷᠭᠡ ᠠᠵᠤ ᠠᠬᠤᠶᠢᠯᠠᠯ ᠨᠡᠶᠢᠲᠡ 330 ᠪᠠᠶᠢᠵᠤ᠂ 41 ᠲᠤᠭ᠎ᠠ ᠪᠦᠷᠢᠳᠬᠡᠯ ᠤᠨ ᠠᠵᠤ ᠠᠬᠤᠶᠢᠯᠠᠯ ᠳᠤ ᠣᠷᠣᠭᠤᠯᠤᠭᠰᠠᠨ ᠪᠠᠶᠢᠨ᠎ᠠ᠃ ᠡᠭᠦᠨ ᠳᠤ᠂ ᠲᠣᠭᠲᠠᠭᠠᠭᠰᠠᠨ ᠠᠵᠤ ᠠᠬᠤᠶᠢᠯᠠᠯ 9 ᠡᠷᠦᠬᠡ ᠪᠠᠶᠢᠵᠤ᠂ 2023 ᠣᠨ ᠤ 1 ︱ 11 ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 11.5 ᠳ᠋ᠦᠩᠰᠢᠭᠤᠷ ᠲᠥᠭᠦᠷᠢᠭ ᠲᠤ ᠬᠦᠷᠴᠦ᠂ ᠭᠠᠶᠢᠯᠢ ᠶᠢᠨ ᠣᠷᠣᠯᠭ᠎ᠠ 5300 ᠲᠦᠮᠡᠨ ᠲᠥᠭᠦᠷᠢᠭ ᠲᠤ ᠬᠦᠷᠴᠡᠢ᠃ ᠳᠠᠷᠠᠭᠠᠴᠢ ᠶᠢᠨ ᠠᠯᠬᠤᠮ ᠳᠤ᠂ ᠬᠢᠯᠢ ᠶᠢᠨ ᠬᠠᠮᠲᠤᠷᠠᠯᠴᠠᠭᠠᠨ ᠤ ᠲᠣᠭᠤᠷᠢᠭ ᠤᠨ ᠬᠢᠨ ᠬᠢᠯᠢ ᠶᠢᠨ ᠪᠣᠭᠤᠮᠲᠠ ᠶᠢᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠢ ᠠᠰᠢᠭᠯᠠᠵᠤ᠂ ᠮᠢᠩᠭᠠᠨ ᠲᠦᠮᠡᠨ ᠲᠣᠨ ᠤ ᠭᠠᠳᠠᠭᠠᠳᠤ ᠠᠴᠠ ᠣᠷᠣᠭᠤᠯᠬᠤ ᠠᠭᠤᠷᠬᠠᠢ ᠶᠢᠨ ᠭᠠᠷᠤᠯᠲᠠ ᠶᠢ ᠨᠥᠭᠡᠴᠡᠯᠡᠵᠦ ᠡᠳ᠋ᠰᠢᠭᠦᠯᠬᠦ ᠰᠠᠭᠤᠷᠢᠨ ᠢ ᠬᠦᠴᠦᠯᠡᠨ ᠪᠠᠶᠢᠭᠤᠯᠵᠤ᠂ ᠵᠠᠭᠤᠨ ᠲᠦᠮᠡᠨ ᠲᠣᠨ ᠤ ᠭᠠᠳᠠᠭᠠᠳᠤ ᠠᠴᠠ ᠣᠷᠣᠭᠤᠯᠬᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠥᠭᠡᠴᠡᠯᠡᠵᠦ ᠡᠳ᠋ᠰᠢᠭᠦᠯᠬᠦ ᠰᠠᠭᠤᠷᠢᠨ ᠢ ᠪᠠᠶᠢᠭᠤᠯᠵᠤ᠂ ᠬᠠᠷᠢᠯᠴᠠᠨ  ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠵᠢᠱᠢᠶ᠎ᠡ ᠦᠵᠡᠭᠦᠯᠵᠦ ᠡᠳ᠋ᠰᠢᠭᠦᠯᠬᠦ ᠰᠠᠭᠤᠷᠢᠨ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠪᠠᠶᠢᠯᠳᠤᠬᠤ ᠪᠣᠳᠣᠯᠭ᠎ᠠ ᠶᠢᠨ ᠡᠳ᠋  ᠪᠤᠳᠡᠰ ᠢ ᠨᠦᠭᠡᠴᠡᠯᠡᠬᠦ ᠰᠠᠭᠤᠷᠢᠨ ᠢ ᠪᠦᠳᠦᠭᠡᠨ ᠪᠠᠶᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号