ᠬᠠᠮᠤᠭ ᠤᠨ ᠭᠤᠶᠣ ᠪᠡᠶ᠎ᠡ ᠶᠢᠨ ᠲᠠᠮᠢᠷ ᠤᠨ ᠱᠠᠩᠨᠠᠯᠲᠤ ᠲᠠᠮᠢᠷᠴᠢᠨ ᠫᠧᠩ ᠰᠢᠶᠣᠣ ᠶᠠᠨ
ᠨᠡᠶᠢᠲᠡᠯᠡᠭᠰᠡᠨ ᠴᠠᠭ᠄
2023/12/25
ᠤᠷᠴᠢᠭᠤᠯᠤᠠᠠᠴᠢ᠄  ᠪᠦᠷᠢᠩᠭᠤᠸ᠎ᠠᠰᠤᠷᠪᠤᠯᠵᠢᠯᠠᠭ᠎ᠠ᠄ ᠡᠷᠢᠶᠡᠨ ᠬᠤᠲᠠ ᠶᠢᠨ ᠪᠡᠶ᠎ᠡ ᠶᠢᠨ ᠲᠠᠮᠢᠷ ᠤᠨ  ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠥᠷᠲᠡᠭᠡᠨ ᠤ ᠬᠠᠷᠢᠭᠤᠴᠠᠯᠭᠠᠲᠠᠨ ᠫᠧᠩ ᠰᠢᠶᠣᠣ ᠶᠠᠨ  ᠄       ᠨᠠᠮᠠᠶᠢ ᠫᠧᠩ ᠰᠢᠶᠣᠣ ᠶᠠᠨ ᠭᠡᠳᠡᠭ᠂  ᠡᠨᠡ ᠵᠢᠯ 35 ᠨᠠᠰᠤᠲᠠᠢ᠂ 2017 ᠣᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠲᠥᠷᠥᠯ ᠳᠤ ᠣᠷᠣᠵᠤ ᠡᠷᠢᠶᠡᠨ ᠬᠤᠲᠠ ᠶᠢᠨ ᠲᠤᠸᠠᠨ ᠵᠢᠶᠧ ᠵᠠᠮ ᠳᠤ ᠳᠡᠯᠭᠡᠭᠦᠷ ᠨᠡᠭᠡᠭᠡᠨ ᠡᠵᠡᠩᠨᠡᠭᠡᠳ ᠨᠢᠭᠡᠨᠲᠡ ᠵᠢᠷᠭᠤᠭᠠᠨ ᠵᠢᠯ ᠪᠣᠯᠵᠤ ᠪᠠᠶᠢᠨ᠎ᠠ᠃  ᠲᠠᠶᠢᠯᠪᠦᠷᠢ᠄         ᠫᠧᠩ ᠰᠢᠶᠣᠣ ᠶᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠷᠡ ᠲᠤᠬᠠᠢ   ᠶᠢᠨ ᠵᠢᠯ  ᠤᠨ ᠳᠡᠯᠡᠬᠡᠢ   ᠶᠢᠨ ᠬᠤᠨᠳᠠᠭᠠᠲᠤ ᠬᠥᠯ ᠪᠥᠮᠪᠥᠭᠡᠨ  ᠤᠷᠤᠯᠳᠤᠭᠠᠨ  ᠤ ᠬᠤᠭᠤᠴᠠᠭᠠᠨ ᠳᠤ ᠪᠡᠶ᠎ᠡ   ᠶᠢᠨ ᠲᠠᠮᠢᠷ ᠤᠨ   ᠯᠤᠸ᠋ᠲᠲ᠋ᠤᠷᠢ  ᠲᠠᠢ ᠲᠠᠨᠢᠯᠴᠠᠵᠠᠢ᠃  ᠥᠪᠡᠷ   ᠢᠶᠠᠨ ᠴᠦ   ᠯᠤᠸ᠋ᠲᠲ᠋ᠤᠷᠢ  ᠠᠪᠬᠤ ᠳᠤᠷᠠᠲᠠᠢ   ᠪᠠᠶᠢᠠᠠᠰᠡᠨ ᠪᠤᠯᠬᠤᠷ ᠪᠡᠶ᠎ᠡ ᠶᠢᠨ ᠲᠠᠮᠢᠷ ᠤᠨ   ᠯᠧᠲᠲ᠋ᠤᠷᠢ ᠤ ᠤᠶᠢᠯᠡᠰ ᠲᠤ ᠤᠷᠤᠯᠴᠬᠠᠰᠡᠨ ᠪᠠᠶᠢᠵᠠᠢ᠃  ᠲᠡᠭᠦᠨ ᠠᠴᠠ ᠬᠤᠶᠢᠰᠢ ᠵᠢᠷᠭᠤᠭᠠᠨ ᠵᠢᠯ ᠤᠨ ᠲᠤᠷᠰᠢ  ᠲᠡᠷᠡ ᠪᠡᠶ᠎ᠡ ᠶᠢᠨ ᠲᠠᠮᠢᠷ ᠤᠨ  ᠯᠧᠲᠲ᠋ᠤᠷᠢ  ᠶᠢᠨ ᠦᠢᠯᠡᠰ ᠲᠤ ᠬᠠᠶᠢᠷ᠎ᠠ ᠬᠠᠯᠠᠮᠵᠢ᠂ ᠬᠤᠪᠢ ᠨᠡᠮᠡᠷᠢ  ᠪᠠᠨ ᠦᠵᠡᠭᠦᠯᠦᠭᠰᠡᠭᠡᠷ ᠢᠷᠡᠵᠠᠢ᠂  ᠲᠡᠷᠡ ᠡᠵᠡᠩᠨᠡᠯᠲᠡ ᠶᠢᠨ ᠶᠠᠪᠤᠴᠠ ᠳᠠᠭᠠᠨ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠴᠢᠳᠠᠪᠤᠷᠢ ᠪᠠ ᠥᠪᠡᠷ ᠤᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠱᠠᠩᠨᠠᠯᠲᠤ ᠰᠤᠭᠤᠯᠤᠭ᠎ᠠ ᠶᠢᠨ ᠡᠵᠡᠩᠨᠡᠯᠲᠡ᠂ ᠦᠨᠳᠦᠰᠦᠨ ᠱᠠᠲᠤᠨ ᠤ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠳᠤ  ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ  ᠲᠤᠭᠤᠶᠢᠬᠠᠨ  ᠵᠢᠳᠬᠦᠵᠦ ᠪᠠᠶᠢᠨ᠎ᠠ᠃  ᠲᠡᠷᠡ ᠪᠠᠷ ᠥᠪᠥᠷ ᠮᠣᠩᠭᠤᠯ  ᠤᠨ ᠪᠡᠶ᠎ᠡ ᠶᠢᠨ ᠲᠠᠮᠢᠷ ᠤᠨ ᠯᠧᠲᠲ᠋ᠤᠷᠢ ᠶᠢᠨ ᠦᠰᠦᠨ ᠪᠤᠶᠢᠵᠢᠯᠲᠠ ᠶᠢ ᠭᠡᠷᠡᠴᠢᠯᠡᠭᠰᠡᠨ ᠢᠶᠠᠷ ᠪᠠᠷᠠᠬᠤ ᠦᠭᠡᠢ᠂ ᠡᠵᠡᠩᠨᠡᠯᠲᠡ ᠶᠢᠨ ᠳᠤᠮᠳᠠ ᠥᠪᠡᠷ ᠤᠨ ᠠᠮᠢᠳᠤᠷᠠᠬᠤᠢ ᠶᠢᠨ  ᠥᠷᠲᠡᠭ ᠢᠶᠠᠨ ᠪᠡᠶᠡᠯᠡᠭᠦᠯᠦᠭᠰᠡᠨ ᠪᠠᠶᠢᠨ᠎ᠠ᠃  ᠰᠤᠷᠪᠤᠯᠵᠢᠯᠠᠭ᠎ᠠ᠄ ᠰᠤᠭᠤᠯᠤᠭ᠎ᠠ  ᠬᠤᠳᠠᠯᠳᠤᠨ ᠠᠪᠤᠠᠠᠴᠢ  ᠄      ᠲᠡᠷᠡ ᠮᠠᠰᠢ ᠬᠠᠯᠠᠭᠤᠮᠰᠤᠭ  ᠂ ᠪᠢ ᠬᠡᠳᠦ ᠤᠳᠠᠭ᠎ᠠ ᠰᠤᠭᠤᠯᠤᠭ᠎ᠠ ᠬᠤᠳᠠᠯᠳᠤᠨ ᠠᠪᠬᠤ ᠦᠶ᠎ᠡ ᠳᠤ᠂    ᠡᠯᠳᠡᠪ ᠵᠦᠢᠯ ᠤᠨ ᠠᠰᠠᠭᠤᠳᠠᠯ ᠲᠠᠢ ᠪᠠᠶᠢᠬᠤ ᠶᠢ ᠦᠵᠡᠭᠡᠳ ᠲᠡᠷᠡ  ᠲᠠᠷᠤᠶᠢᠬᠠᠨ ᠬᠠᠷᠢᠭᠤᠯᠲᠠ  ᠦᠭᠳᠡᠭ  ᠂  ᠦᠪᠡᠷ ᠪᠤᠰᠤᠳ ᠢ ᠴᠤ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠲᠡᠭ᠃  ᠰᠤᠷᠪᠤᠯᠵᠢᠯᠠᠭ᠎ᠠ᠄ ᠡᠷᠢᠶᠡᠨ ᠬᠤᠲᠠ ᠶᠢᠨ ᠪᠡᠶ᠎ᠡ ᠶᠢᠨ ᠲᠠᠮᠢᠷ ᠤᠨ ᠯᠧᠲᠲ᠋ᠤᠷᠢ ᠶᠢᠨ ᠪᠣᠷᠤᠯᠠᠭᠤᠯᠭ᠎ᠠ ᠶᠢᠨ ᠥᠷᠲᠡᠭᠡᠨ ᠤ ᠬᠠᠷᠢᠭᠤᠴᠠᠯᠭᠠᠲᠠᠨ ᠫᠧᠩ ᠰᠢᠶᠣᠣ ᠶᠠᠨ  ᠄ ᠪᠢᠳᠠ ᠡᠨᠡᠬᠦ ᠦᠢᠯᠡᠰ ᠢ ᠬᠢᠵᠦ ᠪᠠᠶᠢᠭ᠎ᠠ  ᠪᠤᠯᠬᠤᠷ ᠬᠦᠮᠦᠰ ᠤᠨ ᠰᠡᠳᠬᠢᠯ  ᠳᠤ  ᠬᠦᠷᠳᠡᠯ᠎ᠡ ᠰᠠᠶᠢᠨ ᠬᠢᠬᠦ ᠨᠢ ᠮᠠᠰᠢ ᠴᠢᠬᠤᠯᠠ᠃  ᠲᠠᠶᠢᠯᠪᠦᠷᠢ᠄ ᠲᠡᠭᠦᠨ ᠤ ᠬᠡᠯᠡᠬᠦ ᠬᠢᠬᠦ ᠬᠤᠶᠠᠷ ᠨᠢ ᠢᠵᠢᠯᠢᠬᠡᠨ ᠪᠠᠶᠢᠳᠠᠭ᠃  ᠲᠡᠷᠡ ᠨᠢᠭᠡᠨ ︽ᠳᠣᠲᠣᠭᠠᠳᠤ ᠰᠡᠳᠬᠢᠯ ᠤᠨ ᠮᠡᠳᠡᠷᠡᠭᠴᠢ︾  ᠠᠳᠠᠯᠢ  ᠤᠯᠠᠨ ᠲᠦᠮᠡᠨ ᠤ ᠳᠣᠲᠣᠷᠠᠬᠢ ᠮᠡᠳᠡᠭᠡ ᠵᠠᠩᠭᠢ ᠶᠢ ᠵᠢᠯ ᠲᠤᠷᠰᠢ  ᠠᠩᠬᠠᠷᠴᠤ᠂ ᠤᠯᠠᠨ ᠢᠶᠠᠷ ᠢᠶᠠᠨ ᠠᠰᠠᠭᠤᠳᠠᠯ   ᠲᠠᠢ ᠪᠤᠯ ᠲᠡᠭᠦᠨ ᠢ ᠡᠷᠢᠬᠦ ᠳᠤᠷᠠᠲᠠᠢ ᠪᠠᠶᠢᠳᠠᠭ᠂ ᠲᠡᠷᠡ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ  ᠰᠠᠨᠠᠭᠠᠴᠢᠯᠠᠭ᠎ᠠ ᠠᠴᠠ ᠪᠠᠨ ᠤᠯᠠᠨ ᠢ ᠬᠠᠪᠰᠤᠷᠤᠨ ᠡᠵᠡᠩᠨᠡᠯᠲᠡ ᠶᠢᠨ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠰᠢᠢᠳᠪᠦᠷᠢᠯᠡᠵᠦ᠂ ︽ᠪᠡᠶ᠎ᠡ ᠲᠠᠮᠢᠷ ᠤᠨ ᠯᠧᠲᠲ᠋ᠤᠷᠢ  ᠶᠢᠨ ᠵᠣᠷᠢᠭ  ᠰᠠᠨᠠᠭᠠᠨ ᠤ  ᠬᠠᠷᠢᠭᠤᠴᠠᠯᠭ᠎ᠠ   ᠲᠠᠢ᠂ ᠪᠦᠯᠬᠦᠮᠳᠡᠯ   ᠲᠠᠢ︾  ᠪᠠᠶᠢᠬᠤ ᠴᠢᠬᠤᠯᠠ  ᠵᠤᠷᠢᠭ ᠰᠠᠨᠠᠭᠠᠨ ᠤ ᠭᠤᠤᠯ ᠴᠦᠮ᠎ᠠ   ᠶᠢ  ᠪᠠᠳᠠᠷᠠᠭᠤᠯᠵᠠᠢ᠃       ᠦᠨᠡᠨᠴᠢ ᠰᠢᠳᠤᠷᠭᠤ ᠪᠠᠷ ᠦᠷ᠎ᠡ ᠠᠰᠢᠭ ᠢ ᠨᠡᠮᠡᠭᠳᠡᠭᠦᠯᠬᠦ ᠡᠵᠡᠩᠨᠡᠯᠲᠡ ᠶᠢᠨ ᠶᠠᠪᠤᠴᠠ ᠳᠤ᠂   ᠲᠡᠷᠡ ᠪᠤᠯ ᠬᠡᠷᠡᠭᠯᠡᠭᠴᠢᠳ ᠤᠨ ᠰᠡᠳᠬᠢᠯ  ᠳᠠᠬᠢ   ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠳᠡᠭ ᠰᠠᠶᠢᠨ  ᠠᠵᠦ ᠠᠬᠤᠶᠢᠯᠠᠯᠳᠠᠨ ᠶᠤᠮ᠂ 2017 ᠣᠨ ᠠᠴᠠ ᠡᠬᠢᠯᠡᠨ ᠪᠡᠶ᠎ᠡ ᠶᠢᠨ ᠲᠠᠮᠢᠷ ᠤᠨ ᠯᠧᠲᠲ᠋ᠤᠷᠢ  ᠶᠢᠨ ᠠᠵᠢᠯ ᠳᠤ ᠤᠷᠤᠵᠦ᠂  ᠦᠨᠡᠨᠴᠢ ᠰᠢᠳᠤᠷᠭᠤ᠂  ᠲᠠᠷᠤᠤ ᠬᠢᠴᠢᠶᠡᠩᠭᠦᠢ  ᠪᠠᠷ  ᠬᠡᠷᠡᠭᠯᠡᠭᠴᠢᠳ ᠲᠤ ᠦᠢᠯᠡᠴᠢᠯᠡᠵᠦ᠂ ᠬᠡᠷᠡᠭᠯᠡᠭᠴᠢᠳ ᠤᠨ  ᠦᠨᠡᠯᠡᠭᠡ ᠶᠢ ᠣᠯᠬᠤ ᠪᠠᠷ ᠴᠢᠷᠮᠠᠶᠢᠵᠤ᠂ ᠭᠠᠳᠠᠨ᠎ᠠ ᠲᠠᠯ᠎ᠠ ᠳᠤ ᠨᠢ ᠳᠡᠯᠭᠡᠭᠦᠷ ᠨᠡᠭᠡᠭᠡᠵᠦ᠂  ᠠᠷᠤ  ᠲᠠᠯ᠎ᠠ ᠳᠤ ᠨᠢ ᠯᠧᠲᠲ᠋ᠤᠷᠢ  ᠶᠢᠨ  ᠮᠦᠷᠦᠶᠢᠴᠡᠭᠡᠨ ᠤ ᠲᠤᠰᠬᠠᠢ ᠣᠷᠣᠨ  ᠭᠠᠷᠭᠠᠵᠠᠢ᠃ ᠡᠬᠢᠨ ᠳᠡᠭᠡᠨ ᠯᠧᠲᠲ᠋ᠤᠷᠢ  ᠠᠪᠬᠤ ᠬᠥᠮᠥᠰ  ᠬᠤᠶᠠᠷ ᠭᠤᠷᠪᠠᠨ  ᠯᠧᠲᠲ᠋ᠤᠷᠢ   ᠠᠪᠬᠤ ᠪᠠᠷ ᠮᠥᠷᠯᠡᠵᠦ ᠪᠠᠶᠢᠭᠰᠠᠨ ᠢᠶᠠᠨ ᠳᠡᠮᠡᠢ ᠤᠳᠠᠭᠰᠠᠨ ᠦᠭᠡᠢ  ᠬᠦᠮᠦᠨ  ᠴᠥᠭᠡᠷᠡᠵᠦ  ᠡᠬᠢᠯᠡᠵᠠᠢ  ᠃  ᠫᠧᠩ ᠰᠢᠶᠣᠣ ᠶᠠᠨ  ᠪᠣᠷᠤᠯᠠᠭᠤᠯᠭ᠎ᠠ   ᠮᠠᠭᠤᠳ᠋ᠬᠠᠰᠡᠨ‌‍ᠰᠢᠯᠲᠠᠭᠠᠨ ᠢ  ᠨᠢ ᠡᠷᠢᠵᠦ᠂  ᠨᠢᠭᠡ ᠪᠦᠯᠦᠭ ᠬᠥᠮᠥᠰ ᠨᠣᠮᠧᠷ  ᠰᠤᠳᠤᠯᠬᠤ ᠳᠤᠷᠠᠲᠠᠢ ᠶᠢ ᠠᠭᠠᠵᠢᠮ ᠢᠶᠠᠷ ᠣᠯᠵᠤ  ᠮᠡᠳᠡᠵᠠᠢ᠃  ᠫᠧᠩ ᠰᠢᠶᠣᠣ ᠶᠠᠨ  ᠡᠨᠡ ᠲᠤᠬᠠᠢ ᠬᠢᠨᠠᠮᠠᠭᠠᠢ ᠰᠤᠷᠤᠯᠴᠠᠵᠤ᠂ ᠬᠡᠷᠡᠭᠯᠡᠭᠴᠢᠳ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠥᠩᠭᠡᠲᠦ ᠯᠧᠲᠲ᠋ᠤᠷᠢ ᠬᠤᠳᠠᠯᠳᠤᠨ ᠠᠪᠤᠭᠴᠢᠳ ᠲᠤ  ᠰᠡᠯᠡᠭᠦᠴᠡᠯ ᠤᠨ ᠲᠠᠯᠠᠪᠤᠷ ᠬᠠᠩᠭᠠᠵᠤ᠂ ᠥᠪᠡᠷ  ᠤᠨ ᠵᠣᠬᠢᠶᠠᠭᠰᠠᠨ  ᠵᠢᠷᠤᠠᠠᠳᠦ ᠬᠦᠰᠦᠨᠦᠭᠲᠦ ᠶᠢ ᠬᠡᠷᠡᠮ ᠳᠡᠭᠡᠷ᠎ᠡ ᠨᠠᠭᠠᠵᠤ᠂ ᠯᠧᠲᠲ᠋ᠤᠷᠢ  ᠶᠢᠨ   ᠲᠡᠮᠳᠡᠭ ᠢ  ᠴᠤ ᠬᠡᠷᠡᠮ᠂  ᠰᠢᠷᠡᠭᠡᠨ ᠲᠡᠭᠡᠷ᠎ᠡ  ᠲᠤᠳᠤᠷᠬᠠᠶᠢᠯᠠᠵᠦ᠂ ᠬᠡᠷᠡᠭᠯᠡᠭᠴᠢᠳ ᠲᠤ ᠲᠦᠭᠦᠮ ᠬᠠᠩᠭᠠᠵᠠᠢ᠃ ᠰᠤᠷᠪᠤᠯᠵᠢᠯᠠᠭ᠎ᠠ᠄ ᠡᠷᠢᠶᠡᠨ ᠬᠤᠲᠠ ᠶᠢᠨ ᠪᠡᠶ᠎ᠡ ᠶᠢᠨ ᠲᠠᠮᠢᠷ ᠤᠨ  ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠥᠷᠲᠡᠭᠡᠨ ᠤ ᠬᠠᠷᠢᠭᠤᠴᠠᠯᠭᠠᠲᠠᠨ ᠫᠧᠩ ᠰᠢᠶᠣᠣ ᠶᠠᠨ  ᠄ ᠴᠠᠭ ᠬᠤᠭᠤᠴᠠᠭ᠎ᠠ ᠥᠩᠭᠡᠷᠡᠬᠦ   ᠶᠢ ᠳᠠᠭᠠᠯᠳᠤᠨ᠂  ᠬᠡᠷᠡᠭᠯᠡᠭᠴᠢᠳ ᠤᠯᠠᠰᠢᠷᠠᠵᠦ ᠪᠢ ᠴᠤ  ᠢᠲᠡᠭᠡᠯ ᠲᠠᠢ  ᠪᠤᠯᠵᠠᠢ᠃  2019 ᠣᠨ ᠤ 4 ᠰᠠᠷ᠎ᠠ ᠶᠢᠨ 11 ᠤ ᠡᠳᠦᠷ ᠤᠨ 1000 ᠲᠦᠮᠡᠨ ᠲᠥᠭᠦᠷᠢᠭ ᠤᠨ ᠨᠢᠭᠡᠳᠦᠭᠡᠷ ᠳᠡᠰ ᠤᠨ ᠱᠠᠩᠨᠠᠯ ᠴᠤ ᠮᠢᠨᠤ ᠳᠡᠯᠭᠡᠭᠦᠷ  ᠠᠴᠠ ᠭᠠᠷᠤᠠᠠᠰᠡᠨ  ᠭᠡᠯ᠎ᠡ᠃   ᠲᠠᠶᠢᠯᠪᠦᠷᠢ᠄       ᠵᠣᠷᠢᠭᠲᠠᠢ  ᠡᠭᠦᠷᠭᠡᠯᠡᠵᠦ ᠬᠠᠶᠢᠷ᠎ᠠ ᠬᠠᠯᠠᠮᠵᠢ  ᠬᠦᠷᠳᠡᠭᠡᠬᠦ ᠪᠠ ᠪᠡᠶ᠎ᠡ ᠶᠢᠨ ᠲᠠᠮᠢᠷ ᠤᠨ ᠯᠧᠲᠲ᠋ᠤᠷᠢ ᠲᠠᠢ ᠪᠠᠷᠢᠯᠳᠤᠯᠭ᠎ᠠ   ᠲᠠᠢ ᠪᠤᠯᠤᠠᠠᠰᠡᠨ 6 ᠵᠢᠯ  ᠤᠨ ᠲᠤᠷᠰᠢ᠂ ᠨᠡᠶᠢᠲᠡ ᠶᠢᠨ ᠠᠰᠠᠷᠠᠮᠵᠢ ᠶᠢᠨ ᠣᠶᠢᠯᠠᠭᠠᠭᠳᠠᠬᠤᠨ ᠨᠢ ᠠᠯᠢ  ᠬᠡᠳᠤᠶᠢᠨᠠᠢ ᠫᠧᠩ ᠰᠢᠶᠣᠣ ᠶᠠᠨ ᠤ ᠠᠮᠢᠳᠤᠷᠠᠯ ᠪᠠ ᠠᠵᠢᠯ ᠤᠨ ᠳᠤᠮᠳᠠ   ᠠᠭᠤᠰᠴᠤ᠂ ᠪᠡᠶ᠎ᠡ ᠶᠢᠨ ᠲᠠᠮᠢᠷ ᠤᠨ ᠯᠧᠲᠲ᠋ᠤᠷᠢ   ᠶᠢᠨ ᠪᠣᠷᠤᠯᠠᠭᠤᠯᠭ᠎ᠠ ᠶᠢ ᠰᠠᠶᠢᠲᠤᠷ ᠬᠢᠬᠦ ᠶᠢᠨ ᠬᠠᠮᠲᠤ᠂ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ᠪᠡᠶ᠎ᠡ ᠶᠢᠨ ᠲᠠᠮᠢᠷ ᠤᠨ ᠯᠧᠲᠲ᠋ᠤᠷᠢ  ᠶᠢᠨ ᠬᠦᠮᠦᠨ ᠤ ᠬᠠᠷᠢᠭᠤᠴᠠᠯᠭ᠎ᠠ  ᠪᠠ ᠡᠭᠦᠷᠯᠡᠯ ᠢᠶᠠᠨ ᠦᠢᠯᠡᠳᠦᠯᠭᠡᠵᠢᠭᠦᠯᠦᠭᠰᠡᠭᠡᠷ ᠢᠷᠡᠵᠠᠢ᠃  ᠲᠡᠷᠡ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠯᠧᠲᠲ᠋ᠤᠷᠢ ᠶᠢᠨ ᠲᠥᠪ ᠤᠨ ᠥᠷᠨᠢᠭᠦᠯᠦᠭᠰᠡᠨ ᠡᠯ᠎ᠡ ᠵᠦᠢᠯ ᠤᠨ ᠨᠡᠶᠢᠲᠡ ᠶᠢᠨ  ᠠᠰᠠᠷᠠᠮᠵᠢ ᠶᠢᠨ ᠠᠵᠢᠯᠯᠠᠭ᠎ᠠ ᠳᠤ ᠤᠷᠤᠯᠴᠠᠵᠦ ᠪᠠᠭᠤᠷᠠᠢ ᠬᠥᠮᠥᠰ ᠢ ᠬᠠᠪᠰᠤᠷᠤᠨ ᠲᠡᠳᠬᠦᠵᠦ᠂  ᠶᠠᠳᠠᠭᠤ ᠬᠦᠴᠢᠷᠳᠡᠯᠲᠡᠢ ᠬᠥᠮᠥᠰ ᠲᠤ ᠨᠡᠶᠢᠭᠡᠮ ᠤᠨ ᠬᠠᠯᠠᠭᠤᠨ ᠳᠤᠯᠠᠭᠠᠨ ᠢ ᠬᠦᠷᠲᠡᠭᠡᠵᠦ᠂ 103 ᠤᠳᠠᠭ᠎ᠠ ᠬᠠᠶᠢᠷ᠎ᠠ ᠬᠠᠯᠠᠮᠵᠢ ᠪᠠᠨ ᠡᠷᠭᠦᠵᠦ᠂  ᠴᠦᠮ᠎ᠠ ᠬᠦᠴᠢᠷᠳᠡᠯᠲᠡᠢ ᠬᠡᠦᠬᠡᠳ ᠤᠨ ᠡᠪᠦᠯ ᠢ ᠬᠠᠯᠠᠭᠤᠨ ᠪᠦᠯᠢᠶᠡᠨ ᠥᠩᠭᠡᠷᠡᠭᠦᠯᠬᠦ᠂ ᠡᠪᠡᠳᠴᠢᠨ ᠡᠮᠭᠡᠭ  ᠢ ᠲᠠᠪᠠᠨ ᠲᠤᠭᠤᠯᠬᠤ ᠵᠡᠷᠭᠡ ᠠᠵᠢᠯᠯᠠᠭ᠎ᠠ  ᠪᠤᠯᠤᠨ᠎ᠠ  ᠃ ᠰᠤᠷᠪᠤᠯᠵᠢᠯᠠᠭ᠎ᠠ᠄ ᠡᠷᠢᠶᠡᠨ ᠬᠤᠲᠠ ᠶᠢᠨ ᠪᠡᠶ᠎ᠡ ᠶᠢᠨ ᠲᠠᠮᠢᠷ ᠤᠨ  ᠯᠧᠲᠲ᠋ᠤᠷᠢ  ᠶᠢᠨ ᠪᠣᠷᠤᠯᠠᠭᠤᠯᠭ᠎ᠠ ᠶᠢᠨ ᠥᠷᠲᠡᠭᠡᠨ ᠤ ᠬᠠᠷᠢᠭᠤᠴᠠᠯᠭᠠᠲᠠᠨ ᠫᠧᠩ ᠰᠢᠶᠣᠣ ᠶᠠᠨ  ᠄ ᠪᠢᠳᠡ ᠵᠢᠯ ᠪᠦᠷᠢ ᠬᠠᠨᠳᠢᠪ  ᠤᠨ ᠠᠵᠢᠯᠯᠠᠭ᠎ᠠ ᠳᠤ ᠤᠷᠤᠯᠴᠠᠵᠦ᠂  ᠨᠡᠶᠢᠭᠡᠮ ᠤᠨ ᠠᠴᠢ ᠶᠢ ᠬᠠᠷᠢᠭᠤᠯᠤᠨ᠎ᠠ᠃  ᠲᠠᠶᠢᠯᠪᠦᠷᠢ᠄        ᠲᠡᠭᠦᠨ ᠤ  ᠳᠡᠯᠭᠡᠭᠦᠷ ᠨᠢ ᠴᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠠᠮᠠᠷᠠᠯᠲᠠ   ᠶᠢᠨ ᠥᠷᠲᠡᠭᠡ ᡺ᠪᠤᠯᠤᠨ᠎ᠠ᠃  ᠪᠦᠬᠦ ᠵᠢᠯ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠰᠦᠢᠳᠬᠡᠯ ᠬᠤᠷᠢᠶᠠᠬᠤ ᠦᠭᠡᠢ ᠪᠠᠷ ᠬᠠᠯᠠᠭᠤᠨ ᠤᠰᠤ ᠬᠠᠩᠭᠠᠳᠠᠭ ᡽ ᠵᠤᠨ ᠤ ᠴᠠᠭ ᠲᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠳᠡᠯᠭᠡᠭᠦᠷ  ᠲᠡᠭᠡᠨ ᠠᠮᠠᠷᠠᠭᠤᠯᠤᠨ ᠰᠡᠷᠢᠭᠦᠴᠡᠭᠦᠯᠦᠨ᠎ᠡ᠃ ᠡᠪᠦᠯ ᠤᠨ ᠴᠠᠭ ᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠦᠢᠲᠡᠨ ᠠᠴᠠ ᠵᠠᠶᠢᠯᠠᠭᠤᠯᠤᠨ ᠳᠤᠯᠠᠭᠠᠴᠠᠭᠤᠯᠳᠠᠭ᠃ ᠡᠭᠦᠨ ᠤ ᠬᠠᠮᠲᠤ ᠳᠡᠯᠭᠡᠭᠦᠷ ᠤᠨ ᠳᠣᠲᠣᠷᠠᠬᠢ ᠡᠭᠡᠭᠦᠯᠦᠨ ᠬᠤᠷᠢᠶᠠᠵᠤ ᠪᠣᠯᠬᠤ ᠴᠠᠭᠠᠰᠤ  ᠪᠠᠨ ᠦᠨ᠎ᠡ ᠲᠥᠯᠥᠪᠦᠷᠢ ᠦᠭᠡᠢ ᠪᠠᠷ ᠬᠦᠷᠭᠡᠵᠦ ᠥᠭᠭᠦᠨ᠎ᠡ᠃ ᠲᠡᠭᠦᠨ ᠤ ᠦᠵᠡᠬᠦ ᠪᠠᠷ ᠪᠡᠶ᠎ᠡ ᠶᠢᠨ ᠲᠠᠮᠢᠷ ᠤᠨ ᠯᠧᠲᠲ᠋ᠤᠷᠢ ᠶᠢᠨ ᠲᠣᠰ ᠪᠡᠶ᠎ᠡ ᠨᠢ ᠳᠠᠷᠤᠢ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠪᠡᠶ᠎ᠡ ᠶᠢᠨ ᠲᠠᠮᠢᠷ ᠤᠨ ᠯᠧᠲᠲ᠋ᠤᠷᠢ ᠶᠢᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠡᠨᠡ ᠬᠦ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠨᠠᠩ ᠣᠯᠠᠨ ᠬᠥᠮᠥᠨ ᠳᠤ ᠤᠯᠠᠮᠵᠢᠯᠠᠬᠤ ᠬᠠᠷᠢᠭᠤᠴᠠᠯᠭ᠎ᠠ ᠲᠠᠢ ᠪᠥᠭᠡᠳ ᠡᠭᠦᠷᠭᠡ ᠲᠠᠢ ᠶᠤᠮ ᠭᠡᠯ᠎ᠡ  ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号