ᠲᠦᠭᠡᠷᠢᠭᠰᠡᠨ ᠬᠡᠭᠡᠷ᠎ᠡ ᠶᠢᠨ ᠵᠡᠭᠡᠷ᠎ᠡ  ᠶᠢ  ᠡᠬᠢ ᠪᠠᠶᠢᠭᠠᠯᠢ   ᠳᠤ ᠨᠢ  ᠪᠤᠴᠠᠭᠠᠠᠠᠰᠡᠨ
ᠨᠡᠶᠢᠲᠡᠯᠡᠭᠰᠡᠨ ᠴᠠᠭ᠄
2023/12/25
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠠᠵᠢᠯᠲᠠᠨ ᠣᠯᠠᠨ ᠲᠦᠮᠡᠨ ᠤ ᠬᠠᠩᠭᠠᠭᠰᠠᠨ ᠰᠦᠪᠡᠭᠴᠢ ᠶᠢ  ᠦᠨᠳᠤᠰᠤᠯᠡᠨ᠂ ᠨᠢᠭᠡ ᠰᠦᠷᠦᠭ ᠬᠡᠭᠡᠷ᠎ᠡ ᠶᠢᠨ ᠵᠡᠭᠡᠷ᠎ᠡ ᠬᠥᠬᠡᠬᠤᠲᠠ ᠲᠡᠮᠦᠷ ᠵᠠᠮ ᠤᠨ  ᠭᠠᠳᠠᠭᠠᠳᠦ ᠠᠵᠤ ᠠᠬᠤᠢ ᠪᠠ  ᠮᠡᠷᠭᠡᠵᠢᠯ ᠤᠨ ᠬᠠᠮᠳᠤᠷᠠᠯᠴᠠᠭᠠᠨ ᠤ ᠪᠦᠯᠦᠭᠯᠡᠯ ᠤᠨ ᠡᠷᠢᠶᠡᠨ ᠤ ᠷᠦ᠋ ᠢ  ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ  ᠪᠠᠶᠢᠨ᠎ᠠ ᠭᠡᠬᠦ ᠴᠢᠮᠡᠭᠡ ᠶᠢ  ᠤᠯᠵᠦ ᠮᠡᠳᠡᠵᠠᠢ  ᠂  ᠵᠡᠭᠡᠷ᠎ᠡ  ᠶᠢ ᠠᠮᠤᠷ ᠲᠦᠪᠰᠢᠨ ᠢᠶᠠᠷ ᠬᠦᠷᠢᠶᠡᠯᠡᠩ ᠠᠴᠠ  ᠭᠠᠷᠭᠠᠬᠤ ᠶᠢᠨ ᠲᠥᠯᠥᠭᠡ᠂ ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠬᠠᠪᠰᠤᠷᠤᠯᠭ᠎ᠠ ᠦᠵᠡᠭᠦᠯᠬᠦ ᠶᠢ  ᠭᠤᠶᠤᠴᠢᠯᠠᠵᠠᠢ᠃ ᠲᠠᠶᠢᠯᠪᠦᠷᠢ᠄         ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠥᠪ ᠤᠨ ᠠᠵᠢᠯᠲᠠᠨ ᠣᠯᠠᠨ ᠰᠠᠯᠠᠭ᠎ᠠ ᠮᠥᠴᠢᠷ ᠲᠠᠢ   ᠪᠠᠶᠢᠳᠠᠯ ᠢᠶᠠᠨ ᠤᠯᠤᠯᠴᠠᠵᠦ  ᠵᠣᠬᠢᠴᠠᠭᠤᠯᠤᠭᠰᠠᠨ ᠤ ᠳᠠᠷᠠᠭ᠎ᠠ᠂ ᠲᠣᠰ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ ᠬᠦᠷᠴᠦ᠂ ︽ᠬᠥᠮᠥᠨ  ᠤ ᠬᠦᠴᠦ  ᠪᠠᠷ ᠡᠷᠢᠬᠦ + ᠮᠠᠰᠢᠨ   ᠢᠶᠠᠷ ᠡᠷᠢᠬᠦ︾ ᠠᠷᠭ᠎ᠠ  ᠪᠠᠷ ᠬᠡᠭᠡᠷ᠎ᠡ ᠶᠢᠨ ᠵᠡᠭᠡᠷ᠎ᠡ ᠶᠢᠨ ᠪᠣᠳᠠᠲᠠᠢ ᠤᠷᠤᠨ ᠪᠠᠶᠢᠷᠢ ᠶᠢ  ᠲᠤᠠᠠᠳᠠᠭᠠᠵᠠᠢ᠃ ᠵᠡᠭᠡᠷ᠎ᠡ ᠶᠢ ᠡᠷᠢᠵᠦ ᠣᠯᠣᠭᠰᠠᠨ ᠤ ᠳᠠᠷᠠᠭ᠎ᠠ ᠣᠯᠠᠨ ᠢᠶᠠᠷ ᠢᠶᠠᠨ  ᠵᠡᠭᠡᠷ᠎ᠡ ᠶᠢ ᠬᠦᠷᠢᠶᠡᠯᠡᠩ ᠲᠣᠭᠤᠷᠢᠭ ᠠᠴᠠ  ᠵᠠᠶᠢᠳᠠᠭᠤᠯᠵᠦ᠂ ᠲᠠᠯ᠎ᠠ ᠨᠤᠲᠤᠭ ᠲᠤ   ᠨᠢ ᠬᠦᠷᠭᠡᠵᠡᠢ᠃ ᠲᠡᠭᠦᠨ ᠤ ᠳᠣᠲᠣᠷᠠᠬᠢ ᠬᠡᠳᠦᠨ ᠵᠡᠷᠯᠢᠭ ᠵᠡᠭᠡᠷ᠎ᠡ ᠰᠢᠷᠬᠠᠲᠤᠭᠰᠠᠨ   ᠠᠴᠠ  ᠠᠵᠢᠯᠲᠠᠳ ᠠᠪᠤᠷᠠᠨ ᠲᠤᠰᠠᠯᠠᠬᠤ ᠥᠷᠲᠡᠭᠡᠨ ᠳᠤ ᠬᠦᠷᠭᠡᠵᠦ ᠠᠪᠤᠷᠠᠨ  ᠲᠤᠰᠠᠯᠠᠵᠦ᠂   ᠪᠡᠶ᠎ᠡ ᠴᠢᠳᠠᠯ ᠨᠢ ᠲᠡᠩᠬᠡᠷᠡᠭᠰᠡᠨ ᠤ ᠳᠠᠷᠠᠭ᠎ᠠ ᠡᠬᠡ ᠪᠠᠶᠢᠭᠠᠯᠢ  ᠳᠤᠨᠢ ᠪᠤᠴᠠᠭᠠᠵᠠᠢ᠃        ᠬᠡᠭᠡᠷ᠎ᠡ ᠶᠢᠨ ᠠᠮᠢᠲᠠᠨ ᠪᠣᠯ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠮᠥᠨ ᠴᠦ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠶᠢᠨ ᠴᠢᠬᠤᠯᠠ ᠰᠠᠭᠤᠷᠢ ᠮᠥᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ   ᠨᠢ ᠳᠠᠷᠤᠢ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠳᠠᠷᠤᠢ ᠬᠥᠮᠥᠨ ᠲᠥᠷᠥᠯᠬᠢᠲᠡᠨ ᠤ ᠥᠪᠡᠷ ᠢ ᠪᠠᠨ ᠬᠠᠶᠢᠷᠠᠯᠠᠵᠤ ᠪᠠᠶᠢᠭ᠎ᠠ ᠶᠠᠪᠤᠳᠠᠯ ᠮᠥᠨ᠃ ᠠᠳᠡ ᠪᠢᠳᠡ  ᠬᠤᠲᠠ ᠶᠢᠨ ᠠᠷᠠᠳ ᠲᠤ  ᠂  ᠰᠢᠷᠬᠠᠠᠠᠳ᠋ᠬᠠᠰᠡᠨ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ᠂  ᠲᠤᠷ᠎ᠠ ᠪᠠᠷ ᠢᠶᠠᠨ ᠠᠪᠤᠷᠠᠨ ᠲᠤᠰᠠᠯᠠᠵᠤ᠂ ᠰᠣᠬᠤᠷ ᠪᠠᠯᠠᠢ ᠪᠠᠷ ᠲᠠᠯᠪᠢᠵᠤ ᠪᠣᠯᠬᠤ ᠦᠭᠡᠢ᠂ ᠬᠠᠮᠤᠭ ᠤᠨ ᠲᠡᠷᠢᠭᠦᠨ ᠳᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠤᠶᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠥᠷᠲᠡᠭᠡ ᠵᠡᠷᠭᠡ ᠰᠠᠯᠠᠭ᠎ᠠ ᠮᠥᠴᠢᠷ ᠲᠠᠢ ᠬᠠᠷᠢᠯᠴᠠᠬᠤ  ᠶᠢ ᠰᠠᠨᠠᠭᠤᠯᠵᠦ ᠪᠠᠶᠢᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号