ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠰᠢᠯᠢ ᠶᠢᠨ ᠭᠤᠤᠯ ᠠᠶᠢᠮᠠᠭ ᠤᠨ ᠭᠠᠵᠠᠷ ᠣᠷᠣᠨ ᠳᠠᠬᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢᠳ ᠢ ᠵᠣᠬᠢᠶᠠᠨ ᠪᠠᠶᠢᠭᠤᠯᠵᠦ ᠮᠠᠨ ᠤ ᠬᠤᠲᠠ ᠳᠤ ᠲᠥᠪᠯᠡᠷᠡᠭᠦᠯᠦᠨ ᠪᠠᠶᠢᠴᠠᠭᠠᠬᠤ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/26
   12 ᠰᠠᠷ᠎ᠠ ᠶᠢᠨ 21 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ  ᠾᠦᠸᠧ ᠶᠢᠨ ᠪᠢᠩ ᠰᠢᠯᠢ ᠶᠢᠨ ᠭᠤᠣᠯ ᠠᠶᠢᠮᠠᠭ ᠤᠨ ᠬᠡᠰᠡᠭ ᠭᠠᠵᠠᠷ ᠣᠷᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ ᠮᠠᠨ ᠤ ᠬᠤᠳᠠ ᠳᠤ ᠢᠷᠡᠵᠦ ᠲᠥᠪᠯᠡᠷᠡᠭᠦᠯᠦᠨ ᠰᠢᠨᠵᠢᠯᠡᠨ ᠪᠠᠶᠢᠴᠠᠭᠠᠪᠠ᠃ ᠡᠨᠡ ᠬᠤᠭᠤᠴᠠᠭᠠᠨ ᠳᠤ᠂ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠰᠠᠭᠤᠳᠠᠯ ᠤᠨ ᠬᠤᠷᠠᠯ ᠢ ᠡᠷᠭᠢᠯᠡᠪᠡ᠃    ᠲᠣᠰ ᠤᠳᠠᠭᠠᠨ ᠤ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠨᠢ ︽ᠲᠠᠪᠤᠨ ᠶᠡᠭᠡ ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠪᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠪᠠ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠭᠰᠠᠨ ᠪᠠᠶᠢᠳᠠᠯ ᠳᠤ ᠲᠥᠪᠯᠡᠷᠡᠭᠦᠯᠦᠨ ᠪᠠᠶᠢᠴᠠᠭᠠᠨ ᠦᠵᠡᠪᠡ᠃   ᠰᠠᠭᠤᠳᠠᠯ ᠤᠨ ᠬᠤᠷᠠᠯ ᠳᠡᠭᠡᠷ᠎ᠡ ᠾᠦᠸᠧ ᠶᠢᠨ ᠪᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠥᠪᠯᠡᠷᠡᠭᠦᠯᠦᠨ ᠪᠠᠶᠢᠴᠠᠭᠠᠨ ᠦᠵᠡᠬᠦ ᠪᠣᠯ ᠲᠥᠯᠥᠭᠡᠯᠡᠭᠴᠢᠳ ᠤᠨ ᠬᠠᠤᠯᠢ ᠪᠠᠷ ᠲᠣᠭᠲᠠᠭᠠᠭᠰᠠᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠴᠢᠬᠤᠯᠠ ᠰᠠᠭᠤᠷᠢ ᠴᠢᠨᠠᠷᠲᠠᠶ ᠠᠵᠢᠯ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠡᠭᠡᠷ᠎ᠡ ᠥᠯᠢᠭᠡᠷ ᠳᠠᠭᠤᠷᠢᠶᠠᠯ ᠪᠣᠯᠵᠣ᠂ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠣᠯᠤᠮᠵᠢᠲᠤ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ᠂ ᠠᠷᠠᠳ ᠣᠯᠠᠨ ᠤ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃    ᠡᠨᠡ ᠬᠤᠭᠤᠴᠠᠭᠠᠨ ᠳᠤ᠂ ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠦᠵᠡᠬᠦ᠂ ᠲᠤᠬᠠᠢ ᠶᠢᠨ ᠭᠠᠵᠠᠷ ᠲᠤᠨᠢ ᠠᠰᠠᠭᠤᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠠᠪᠴᠠᠩ᠂ ᠬᠤᠸᠠᠨ ᠢᠦᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠤ ᠭᠠᠩ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠠᠯᠤᠰᠯᠠᠭᠰᠠᠨ ᠡᠯᠧᠺᠲ᠋ᠣᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠡᠳ᠋ ᠪᠠᠷᠠᠭ᠎ᠠ ᠶᠢ ᠭᠠᠳᠠᠭᠠᠳᠤ ᠳᠤ ᠭᠠᠷᠭᠠᠵᠤ ᠪᠣᠭᠤᠮᠲᠠ ᠪᠠᠷ ᠥᠩᠭᠡᠷᠡᠭᠦᠯᠬᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠰᠢᠤᠸᠠᠢ ᠸᠧᠨ ᠵᠢᠶᠦ᠋ᠨ᠂ ᠵᠠᠩ ᠶᠦᠩ ᡁᠢ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号