【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠰᠢᠯᠭᠠᠨ ᠠᠪᠬᠤ ᠱᠠᠲᠤᠨ ᠳᠤ ᠣᠷᠣᠪᠠ︕ ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠪᠠᠷᠢᠯᠭ᠎ᠠ ᠶᠢ ᠤᠷᠤᠭᠰᠢᠲᠠᠢ ᠳᠠᠭᠤᠰᠬᠠᠪᠠ
ᠨᠡᠶᠢᠲᠡᠯᠡᠭᠰᠡᠨ ᠴᠠᠭ᠄
2023/12/27
  ᠠᠭᠠᠷ ᠤᠨ ᠠᠶᠠᠯᠠᠯ ᠤᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠶᠢᠬᠤᠰᠦ ᠨᠢᠰᠬᠡᠯ ᠤᠨ ᠪᠠᠭᠤᠳᠠᠯ ᠤᠨ ᠬᠠᠮᠢᠶ᠎ᠠ ᠪᠥᠬᠦᠶ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠳᠣᠯᠠᠳᠠ᠂ ᠮᠠᠨ ᠤ ᠬᠤᠲᠠ ᠡᠨᠡ ᠵᠢᠯ 3443 ᠲᠦᠮᠡᠨ ᠲᠥᠭᠦᠷᠢᠭ ᠤᠨ ᠪᠠᠯᠠ ᠣᠷᠣᠭᠤᠯᠵᠤ ᠠᠭᠠᠷ ᠤᠨ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 8 ᠰᠠᠷ᠎ᠠ ᠶᠢᠨ ᠡᠬᠢ ᠪᠠᠷ ᠡᠬᠢᠯᠡᠨ ᠪᠥᠲᠥᠭᠡᠨ ᠪᠠᠶᠢᠭᠤᠯᠵᠤ᠂ ᠣᠲᠣ ᠨᠢᠭᠡᠨᠲᠡ ᠠᠵᠢᠯ ᠢᠶᠠᠨ ᠳᠠᠭᠤᠰᠬᠠᠪᠠ᠃ ᠣᠳᠣ ᠶᠠᠭ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠨᠢᠰᠬᠡᠯ ᠤᠨ ᠪᠠᠭᠤᠳᠠᠯ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠠᠶᠢᠨ᠎ᠠ᠃
   ᠠᠭᠠᠷ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠪᠠᠨ ᠳᠡᠭᠡᠭᠰᠢᠯᠡᠬᠦᠯᠣᠨ ᠥᠭᠡᠷᠡᠴᠢᠯᠡᠬᠦ ᠢᠨᠵᠧᠨᠧᠷᠢᠩ ᠢ ᠡᠷᠢᠶᠡᠨ ᠬᠤᠲᠠ ᠶᠢᠨ ᠨᠢᠰᠭᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠦᠲᠦᠭᠡᠨ ᠪᠠᠶᠢᠭᠤᠯᠵᠦ᠂ ᠭᠤᠣᠯ ᠪᠣᠯᠬᠤ ᠪᠦᠲᠦᠭᠡᠨ  ᠪᠠᠶᠢᠭᠤᠯᠣᠯᠳᠠ ᠶᠢᠨ ᠠᠭᠤᠯᠭ᠎ᠠ ᠨᠢ 1500 ᠳᠡᠭᠰᠢ ᠳᠥᠷᠪᠡᠯᠵᠢᠨ ᠮᠧᠲᠷ ᠣᠯᠠᠨ ᠤᠯᠤᠰ ᠤᠨ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠠᠶᠠᠨᠴᠢᠳ ᠤᠨ ᠬᠢᠯᠢ ᠪᠠᠷ ᠣᠷᠣᠵᠤ ᠭᠠᠷᠬᠤ ᠭᠡᠷ ᠪᠠᠶᠢᠰᠢᠩ ᠢ ᠥᠭᠡᠷᠡᠴᠢᠯᠡᠬᠦ᠂ 500 ᠳᠡᠭᠰᠢ ᠳᠥᠷᠪᠡᠯᠵᠢᠨ ᠮᠧᠲᠷ ᠬᠦᠨᠳᠦᠲᠦ ᠵᠣᠴᠢᠨ ᠤ ᠥᠷᠥᠭᠡ ᠶᠢ ᠥᠭᠡᠷᠡᠴᠢᠯᠡᠬᠦ᠂ 510 ᠳᠡᠭᠰᠢ ᠳᠥᠷᠪᠡᠯᠵᠢᠨ ᠮᠧᠲᠷ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠵᠡᠷᠭᠡ ᠶᠢ ᠥᠭᠡᠷᠡᠴᠢᠯᠡᠨ ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠣᠯᠠᠨ ᠤᠯᠤᠰ ᠤᠨ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠪᠠᠶᠢᠴᠠᠭᠠᠨ ᠰᠢᠯᠭᠠᠬᠤ ᠪᠡᠯᠡᠳᠭᠡᠮᠵᠢ ᠲᠥᠬᠦᠭᠡᠷᠦᠮᠵᠢ᠂ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠶᠢᠨ ᠪᠣᠭᠤᠮᠲᠠ ᠪᠠᠷ ᠥᠩᠭᠡᠷᠡᠬᠦ ᠪᠣᠭᠤᠮᠲᠠ ᠵᠡᠷᠭᠡ ᠪᠡᠯᠡᠳᠭᠡᠮᠵᠢ ᠲᠥᠬᠦᠭᠡᠷᠦᠮᠵᠢ ᠶᠢ ᠲᠣᠬᠢᠷᠠᠭᠤᠯᠬᠤ ᠪᠣᠯᠤᠨ᠎ᠠ᠃
   ᠣᠳᠣᠬᠠᠨ ᠳᠤ᠂ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠠᠶᠠᠯᠠᠯ ᠤᠨ ᠥᠷᠲᠡᠭᠡᠨ ᠤ ᠠᠰᠠᠷ ᠤᠨ ᠠᠶᠠᠨᠴᠢᠳ ᠤᠨ ᠬᠢᠯᠢ ᠪᠠᠷ ᠣᠷᠣᠵᠤ ᠭᠠᠷᠬᠤ ᠶᠢ ᠪᠠᠶᠢᠴᠠᠭᠠᠨ ᠰᠢᠯᠭᠠᠬᠤ ᠵᠠᠮ᠂ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠶᠢ ᠥᠭᠡᠷᠡᠴᠢᠯᠡᠬᠦ ᠵᠢᠴᠢ ᠪᠠᠶᠢᠴᠠᠭᠠᠨ ᠰᠢᠯᠭᠠᠬᠤ ᠪᠡᠯᠡᠳᠬᠡᠮᠵᠢ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃    ᠠᠭᠠᠷ ᠤᠨ ᠠᠶᠠᠯᠠᠯ ᠤᠨ ᠪᠣᠭᠤᠮᠲᠠ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠣᠭᠤᠮᠲᠠ ᠶᠢᠨ ᠠᠭᠠᠷ ᠤᠨ ᠠᠶᠠᠯᠠᠯ ᠤᠨ ᠱᠤᠭᠤᠮ ᠤᠨ ᠲᠣᠣᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠪᠲᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠲᠠ ᠬᠢᠭᠡᠳ ᠬᠢᠯᠢ ᠶᠢᠨ ᠭᠠᠳᠠᠨᠠᠬᠢ ᠤᠯᠤᠰ ᠪᠠ ᠭᠠᠵᠠᠷ ᠣᠷᠣᠨ ᠯᠤᠭ᠎ᠠ ᠶᠢᠨ ᠠᠷᠠᠯᠵᠢᠶ᠎ᠠ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠪᠠ ᠵᠢᠭᠤᠯᠴᠢᠯᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠤᠨ᠎ᠠ᠃    ᠲᠥᠰᠥᠭᠡᠯᠡᠭᠰᠡᠨ ᠢᠶᠠᠷ᠂ ᠠᠭᠠᠷ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠭᠰᠡᠨ ᠤ ᠳᠠᠷᠠᠭ᠎ᠠ᠂ ᠰᠠᠶᠢᠬᠤᠰᠦ ᠨᠢᠰᠬᠡᠯ ᠤᠨ ᠪᠠᠭᠤᠳᠠᠯ ᠤᠨ 2025 ᠣᠨ ᠳᠤ ᠣᠯᠠᠨ ᠤᠯᠤᠰ ᠤᠨ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 10 ᠲᠦᠮᠡᠨ ᠬᠥᠮᠦᠨ ᠤᠳᠠᠭ᠎ᠠ ᠳᠤ ᠬᠦᠷᠴᠦ᠂ 1021 ᠤᠳᠠᠭ᠎ᠠ ᠡᠭᠡᠯᠵᠢ ᠶᠢᠨ ᠨᠢᠰᠬᠡᠯ ᠨᠢᠰᠴᠦ ᠪᠠᠭᠤᠬᠤ ᠪᠣᠯᠤᠨ᠎ᠠ᠃    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠼᠦᠢ ᠫᠢᠩ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠯᠦᠭᠡ ᠵᠣᠯᠭᠠᠭᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠨᠠᠯ ᠬᠤᠷᠢᠶᠠᠬᠤ ᠠᠵᠢᠯ ᠢ ᠬᠠᠪᠰᠤᠷᠤᠨ ᠪᠡᠶᠡᠯᠡᠭᠦᠯᠵᠦ᠂ ᠰᠢᠯᠭᠠᠨ ᠠᠪᠬᠤ ᠭᠤᠶᠤᠴᠢᠯᠠᠯ ᠢᠶᠠᠨ ᠬᠠᠮᠤᠭ ᠤᠨ ᠣᠬᠤᠷ ᠬᠤᠭᠤᠴᠠᠭᠠᠨ ᠳᠤ ᠤᠯᠤᠰ ᠤᠨ ᠪᠣᠭᠤᠮᠲᠠ ᠶᠢᠨ ᠠᠯᠪᠠᠨ ᠭᠡᠷ ᠲᠤ ᠮᠡᠳᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠪᠤᠭᠤᠲᠤ ᠶᠢᠨ ᠪᠣᠭᠤᠮᠲᠠ ᠶᠢᠨ ᠠᠯᠪᠠᠨ ᠬᠡᠷ ᠲᠠᠢ ᠰᠠᠶᠢᠲᠤᠷ ᠵᠣᠯᠭᠠᠭᠤᠯᠵᠤ᠂ ᠪᠤᠭᠤᠲᠤ ᠶᠢᠨ ᠠᠭᠠᠷ ᠤᠨ ᠠᠶᠠᠯᠠᠯ ᠤᠨ ᠪᠣᠭᠤᠮᠲᠠ ᠶᠢᠨ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠷ ᠯᠠᠪᠯᠠᠯᠲᠠ ᠪᠣᠯᠭᠠᠨ ᠮᠠᠨ ᠤ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢ ᠲᠡᠭᠦᠯᠳᠡᠷᠵᠢᠭᠦᠯᠵᠦ᠂ ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号