| ᠠᠭᠠᠷ ᠤᠨ ᠠᠶᠠᠯᠠᠯ ᠤᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠰᠠᠶᠢᠬᠤᠰᠦ ᠨᠢᠰᠬᠡᠯ ᠤᠨ ᠪᠠᠭᠤᠳᠠᠯ ᠤᠨ ᠬᠠᠮᠢᠶ᠎ᠠ ᠪᠥᠬᠦᠶ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠳᠣᠯᠠᠳᠠ᠂ ᠮᠠᠨ ᠤ ᠬᠤᠲᠠ ᠡᠨᠡ ᠵᠢᠯ 3443 ᠲᠦᠮᠡᠨ ᠲᠥᠭᠦᠷᠢᠭ ᠤᠨ ᠪᠠᠯᠠ ᠣᠷᠣᠭᠤᠯᠵᠤ ᠠᠭᠠᠷ ᠤᠨ | ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 8 | ᠰᠠᠷ᠎ᠠ ᠶᠢᠨ ᠡᠬᠢ ᠪᠠᠷ ᠡᠬᠢᠯᠡᠨ ᠪᠥᠲᠥᠭᠡᠨ ᠪᠠᠶᠢᠭᠤᠯᠵᠤ᠂ ᠣᠲᠣ ᠨᠢᠭᠡᠨᠲᠡ ᠠᠵᠢᠯ ᠢᠶᠠᠨ ᠳᠠᠭᠤᠰᠬᠠᠪᠠ᠃ ᠣᠳᠣ ᠶᠠᠭ | ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠨᠢᠰᠬᠡᠯ ᠤᠨ ᠪᠠᠭᠤᠳᠠᠯ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠠᠶᠢᠨ᠎ᠠ᠃ | | | ᠠᠭᠠᠷ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠪᠠᠨ ᠳᠡᠭᠡᠭᠰᠢᠯᠡᠬᠦᠯᠣᠨ ᠥᠭᠡᠷᠡᠴᠢᠯᠡᠬᠦ ᠢᠨᠵᠧᠨᠧᠷᠢᠩ ᠢ ᠡᠷᠢᠶᠡᠨ | ᠬᠤᠲᠠ ᠶᠢᠨ ᠨᠢᠰᠭᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠦᠲᠦᠭᠡᠨ ᠪᠠᠶᠢᠭᠤᠯᠵᠦ᠂ | ᠭᠤᠣᠯ ᠪᠣᠯᠬᠤ ᠪᠦᠲᠦᠭᠡᠨ ᠪᠠᠶᠢᠭᠤᠯᠣᠯᠳᠠ ᠶᠢᠨ ᠠᠭᠤᠯᠭ᠎ᠠ ᠨᠢ 1500 ᠳᠡᠭᠰᠢ ᠳᠥᠷᠪᠡᠯᠵᠢᠨ ᠮᠧᠲᠷ ᠣᠯᠠᠨ | ᠤᠯᠤᠰ ᠤᠨ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠠᠶᠠᠨᠴᠢᠳ ᠤᠨ ᠬᠢᠯᠢ ᠪᠠᠷ ᠣᠷᠣᠵᠤ ᠭᠠᠷᠬᠤ ᠭᠡᠷ | ᠪᠠᠶᠢᠰᠢᠩ ᠢ ᠥᠭᠡᠷᠡᠴᠢᠯᠡᠬᠦ᠂ 500 ᠳᠡᠭᠰᠢ ᠳᠥᠷᠪᠡᠯᠵᠢᠨ ᠮᠧᠲᠷ ᠬᠦᠨᠳᠦᠲᠦ ᠵᠣᠴᠢᠨ ᠤ ᠥᠷᠥᠭᠡ ᠶᠢ ᠥᠭᠡᠷᠡᠴᠢᠯᠡᠬᠦ | ᠂ 510 ᠳᠡᠭᠰᠢ ᠳᠥᠷᠪᠡᠯᠵᠢᠨ ᠮᠧᠲᠷ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠵᠡᠷᠭᠡ ᠶᠢ ᠥᠭᠡᠷᠡᠴᠢᠯᠡᠨ | ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠣᠯᠠᠨ ᠤᠯᠤᠰ ᠤᠨ ᠠᠭᠠᠷ ᠤᠨ ᠠᠶᠠᠯᠠᠯ ᠤᠨ ᠥᠷᠲᠡᠭᠡᠨ ᠤ | ᠠᠰᠠᠷ ᠤᠨ ᠪᠠᠶᠢᠴᠠᠭᠠᠨ ᠰᠢᠯᠭᠠᠬᠤ ᠪᠡᠯᠡᠳᠭᠡᠮᠵᠢ ᠲᠥᠬᠦᠭᠡᠷᠦᠮᠵᠢ᠂ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠶᠢᠨ | ᠪᠣᠭᠤᠮᠲᠠ ᠪᠠᠷ ᠥᠩᠭᠡᠷᠡᠬᠦ ᠪᠣᠭᠤᠮᠲᠠ ᠵᠡᠷᠭᠡ ᠪᠡᠯᠡᠳᠭᠡᠮᠵᠢ ᠲᠥᠬᠦᠭᠡᠷᠦᠮᠵᠢ ᠶᠢ ᠲᠣᠬᠢᠷᠠᠭᠤᠯᠬᠤ ᠪᠣᠯᠤᠨ᠎ᠠ᠃ | ᠣᠳᠣᠬᠠᠨ ᠳᠤ᠂ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠠᠶᠠᠯᠠᠯ ᠤᠨ ᠥᠷᠲᠡᠭᠡᠨ ᠤ ᠠᠰᠠᠷ ᠤᠨ | ᠠᠶᠠᠨᠴᠢᠳ ᠤᠨ ᠬᠢᠯᠢ ᠪᠠᠷ ᠣᠷᠣᠵᠤ ᠭᠠᠷᠬᠤ ᠶᠢ ᠪᠠᠶᠢᠴᠠᠭᠠᠨ ᠰᠢᠯᠭᠠᠬᠤ ᠵᠠᠮ᠂ ᠪᠣᠭᠤᠮᠲᠠ ᠶᠢᠨ ᠬᠢᠨᠠᠨ ᠬᠠᠮᠢᠶᠠᠷᠬᠤ | ᠬᠥᠮᠥᠷᠭᠡ ᠶᠢ ᠥᠭᠡᠷᠡᠴᠢᠯᠡᠬᠦ ᠵᠢᠴᠢ ᠪᠠᠶᠢᠴᠠᠭᠠᠨ ᠰᠢᠯᠭᠠᠬᠤ ᠪᠡᠯᠡᠳᠬᠡᠮᠵᠢ ᠲᠥᠬᠦᠭᠡᠷᠦᠮᠵᠢ ᠶᠢ ᠤᠭᠰᠠᠷᠠᠵᠤ ᠲᠤᠷᠰᠢᠨ | ᠲᠣᠬᠢᠷᠠᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ | ᠠᠭᠠᠷ ᠤᠨ ᠠᠶᠠᠯᠠᠯ ᠤᠨ ᠪᠣᠭᠤᠮᠲᠠ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠣᠭᠤᠮᠲᠠ ᠶᠢᠨ | ᠠᠭᠠᠷ ᠤᠨ ᠠᠶᠠᠯᠠᠯ ᠤᠨ ᠱᠤᠭᠤᠮ ᠤᠨ ᠲᠣᠣᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠪᠲᠡᠷᠡᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠲᠠ ᠬᠢᠭᠡᠳ ᠬᠢᠯᠢ ᠶᠢᠨ ᠭᠠᠳᠠᠨᠠᠬᠢ ᠤᠯᠤᠰ ᠪᠠ ᠭᠠᠵᠠᠷ | ᠣᠷᠣᠨ ᠯᠤᠭ᠎ᠠ ᠶᠢᠨ ᠠᠷᠠᠯᠵᠢᠶ᠎ᠠ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ | ᠪᠠ ᠵᠢᠭᠤᠯᠴᠢᠯᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠤᠯᠤᠰ ᠤᠨ ︽ | ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠤᠨ᠎ᠠ᠃ | ᠲᠥᠰᠥᠭᠡᠯᠡᠭᠰᠡᠨ ᠢᠶᠠᠷ᠂ ᠠᠭᠠᠷ ᠠᠶᠠᠯᠠᠯ ᠤᠨ ᠪᠣᠭᠤᠮᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠭᠰᠡᠨ ᠤ ᠳᠠᠷᠠᠭ᠎ᠠ᠂ ᠰᠠᠶᠢᠬᠤᠰᠦ ᠨᠢᠰᠬᠡᠯ ᠤᠨ ᠪᠠᠭᠤᠳᠠᠯ ᠤᠨ 2025 ᠣᠨ ᠳᠤ ᠣᠯᠠᠨ ᠤᠯᠤᠰ ᠤᠨ | ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 10 ᠲᠦᠮᠡᠨ ᠬᠥᠮᠦᠨ ᠤᠳᠠᠭ᠎ᠠ ᠳᠤ ᠬᠦᠷᠴᠦ᠂ 1021 | ᠤᠳᠠᠭ᠎ᠠ ᠡᠭᠡᠯᠵᠢ ᠶᠢᠨ ᠨᠢᠰᠬᠡᠯ ᠨᠢᠰᠴᠦ ᠪᠠᠭᠤᠬᠤ ᠪᠣᠯᠤᠨ᠎ᠠ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠼᠦᠢ ᠫᠢᠩ᠂ | ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠯᠦᠭᠡ ᠵᠣᠯᠭᠠᠭᠤᠯᠬᠤ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠨᠠᠯ ᠬᠤᠷᠢᠶᠠᠬᠤ ᠠᠵᠢᠯ ᠢ ᠬᠠᠪᠰᠤᠷᠤᠨ ᠪᠡᠶᠡᠯᠡᠭᠦᠯᠵᠦ᠂ ᠰᠢᠯᠭᠠᠨ | ᠠᠪᠬᠤ ᠭᠤᠶᠤᠴᠢᠯᠠᠯ ᠢᠶᠠᠨ ᠬᠠᠮᠤᠭ ᠤᠨ ᠣᠬᠤᠷ ᠬᠤᠭᠤᠴᠠᠭᠠᠨ ᠳᠤ ᠤᠯᠤᠰ ᠤᠨ ᠪᠣᠭᠤᠮᠲᠠ ᠶᠢᠨ ᠠᠯᠪᠠᠨ ᠭᠡᠷ ᠲᠤ | ᠮᠡᠳᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠪᠤᠭᠤᠲᠤ ᠶᠢᠨ ᠪᠣᠭᠤᠮᠲᠠ ᠶᠢᠨ ᠠᠯᠪᠠᠨ | ᠬᠡᠷ ᠲᠠᠢ ᠰᠠᠶᠢᠲᠤᠷ ᠵᠣᠯᠭᠠᠭᠤᠯᠵᠤ᠂ ᠪᠤᠭᠤᠲᠤ ᠶᠢᠨ ᠠᠭᠠᠷ ᠤᠨ ᠠᠶᠠᠯᠠᠯ ᠤᠨ ᠪᠣᠭᠤᠮᠲᠠ ᠶᠢᠨ ᠴᠡᠭᠴᠡᠯᠡᠨ | ᠰᠠᠶᠢᠵᠢᠷᠠᠭᠤᠯᠬᠤ ᠰᠠᠨᠠᠯ ᠢᠶᠠᠷ ᠯᠠᠪᠯᠠᠯᠲᠠ ᠪᠣᠯᠭᠠᠨ ᠮᠠᠨ ᠤ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢ | ᠲᠡᠭᠦᠯᠳᠡᠷᠵᠢᠭᠦᠯᠵᠦ᠂ ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢ ᠡᠷᠲᠡᠬᠡᠨ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠎ᠠ᠃ |