ᠬᠤᠳᠠ ᠶᠢᠨ ᠤᠳᠤᠷᠢᠳᠤᠯᠭ᠎ᠠ ᠮᠣᠩᠭᠤᠯ ᠤᠯᠤᠰ ᠤᠨ ᠬᠢᠯᠢ ᠶᠢᠨ ᠪᠣᠭᠤᠮᠲᠠ ᠶᠢᠨ ᠵᠥᠪᠯᠡᠯ ᠤᠨ ᠡᠷᠬᠢᠯᠡᠭᠴᠢ ᠪᠠ᠊  ᠪᠠᠳᠣᠬᠡᠰᠢᠭ ᠲᠠᠢ ᠠᠭᠤᠯᠵᠠᠯᠳᠠ ᠬᠢᠪᠡ
ᠨᠡᠶᠢᠲᠡᠯᠡᠭᠰᠡᠨ ᠴᠠᠭ᠄
2023/12/27
  12 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠮᠣᠩᠭᠤᠯ ᠤᠯᠤᠰ ᠤᠨ ᠬᠢᠯᠢ ᠶᠢᠨ ᠪᠣᠭᠤᠮᠲᠠ ᠶᠢᠨ ᠵᠥᠪᠯᠡᠯ ᠤᠨ ᠡᠷᠬᠢᠯᠡᠭᠴᠢ  ᠪ᠊᠂ ᠪᠠᠳᠣᠬᠡᠰᠢᠭ ᠲᠠᠢ ᠠᠵᠢᠯ ᠤᠨ ᠠᠭᠤᠯᠵᠠᠯᠲᠠ ᠬᠢᠵᠦ᠂ ᠵᠠᠰᠠᠮᠠᠯ ᠵᠠᠮ ᠤᠨ 24 ᠴᠠᠭ ᠤᠨ ᠪᠣᠭᠤᠮᠲᠠ ᠨᠡᠪᠳᠡᠷᠡᠯᠳᠠ ᠶᠢᠨ ᠬᠤᠯᠪᠣᠭᠳᠠᠯ ᠪᠦᠬᠦᠢ ᠣᠷᠣᠰᠢᠵᠦ ᠪᠠᠶᠢᠭ᠎ᠠ ᠪᠠᠶᠢᠳᠠᠯ᠂ ᠠᠶᠤᠯᠲᠠᠢ ᠬᠢᠮᠢ ᠶᠢᠨ ᠪᠣᠳᠠᠰ ᠢ ᠭᠠᠳᠠᠭᠠᠳᠤ ᠳᠤ ᠭᠠᠷᠭᠠᠬᠤ ᠵᠡᠷᠭᠡ ᠶᠠᠪᠤᠳᠠᠯ ᠤᠨ ᠲᠤᠬᠠᠢ ᠵᠠᠷᠯᠠᠨ ᠮᠡᠳᠡᠭᠳᠡᠵᠦ ᠰᠠᠨᠠᠯ ᠢᠶᠠᠨ ᠰᠣᠯᠢᠯᠴᠠᠪᠠ᠃ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠨ ᠪᠣᠭᠤᠮᠲᠠ ᠶᠢᠨ ᠵᠦᠪᠯᠡᠯ ᠤᠨ ᠡᠷᠬᠢᠯᠡᠭᠴᠢ ᠪ᠊᠂ ᠪᠠᠶᠠᠷᠨᠢᠮ᠎ᠠ᠂ ᠵᠠᠮ ᠤᠨ ᠡᠬᠦᠳᠡ ᠬᠤᠲᠠ ᠶᠢᠨ ᠳᠠᠷᠤᠭ᠎ᠠ  ᠪ᠊᠂ ᠠᠩᠬᠠᠪᠠᠶᠠᠷ ᠠᠭᠤᠯᠵᠠᠯᠲᠠᠨ ᠳᠤ ᠤᠷᠤᠯᠴᠠᠪᠠ᠃    ᠠᠭᠤᠯᠵᠠᠯᠲᠠ ᠳᠤ᠂ ᠪᠠ᠊᠂ ᠪᠠᠳᠣᠬᠡᠰᠢᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ 24 ᠴᠠᠭ ᠤᠨ ᠪᠣᠭᠤᠮᠲᠠ ᠪᠠᠷ ᠤᠷᠤᠭᠰᠢᠲᠠᠢ ᠥᠩᠭᠡᠷᠡᠬᠦ ᠶᠢ ᠪᠠᠲᠤᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠵᠠᠮ ᠤᠨ ᠡᠭᠦᠳᠡ - ᠡᠷᠢᠶᠡᠨ ᠬᠤᠲᠠ ᠶᠢᠨ ᠵᠠᠰᠠᠮᠠᠯ ᠵᠠᠮ ᠤᠨ 24 ᠴᠠᠭ ᠤᠨ ᠪᠣᠭᠤᠮᠲᠠ ᠪᠠᠷ ᠥᠩᠭᠡᠷᠡᠬᠦ ᠶᠢ ᠲᠤᠷᠰᠢᠨ ᠬᠡᠷᠡᠭᠵᠢᠭᠦᠯᠵᠦ᠂ ᠬᠤᠶᠢᠰᠢᠳᠠ ᠶᠢᠨ 24 ᠴᠠᠭ ᠤᠨ ᠪᠣᠭᠤᠮᠲᠠ ᠪᠠᠷ ᠥᠩᠭᠡᠷᠡᠬᠦ ᠶᠢ ᠪᠠᠶᠢᠩᠭᠤᠵᠢᠭᠤᠯᠤᠨ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠬᠠᠪᠰᠤᠷᠤᠯᠭ᠎ᠠ ᠳᠡᠮᠵᠢᠯᠭᠡ ᠪᠠᠷ ᠵᠠᠮ ᠤᠨ ᠡᠭᠦᠳᠡ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠪᠣᠭᠤᠮᠲᠠ ᠪᠠᠷ ᠥᠩᠭᠡᠷᠡᠬᠦ ᠵᠠᠮ᠂ ᠰᠠᠩ ᠬᠥᠮᠥᠷᠭᠡ ᠵᠡᠷᠭᠡ ᠶᠢ ᠪᠠᠭᠲᠠᠭᠠᠭᠰᠠᠨ ᠵᠠᠮ ᠤᠨ ᠡᠭᠦᠳᠡ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠬᠤ ᠪᠥᠭᠡᠳ ᠡᠨᠡ ᠵᠢᠯ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ ᠪᠠᠶᠢᠨ᠎ᠠ᠃ ᠵᠠᠮ ᠤᠨ ᠡᠭᠦᠳᠡ᠂ ᠡᠷᠢᠶᠡᠨ ᠬᠤᠳᠠ ᠶᠢᠨ ᠪᠣᠭᠤᠮᠲᠠ 2024 ᠣᠨ ᠳᠤ ᠠᠶᠤᠯᠲᠠᠢ ᠬᠢᠮᠢ ᠶᠢᠨ ᠪᠣᠳᠠᠰ ᠤᠨ ᠪᠣᠭᠤᠮᠲᠠ ᠪᠠᠷ ᠥᠩᠭᠡᠷᠡᠬᠦ ᠶᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠪᠠ᠃    ᠵᠠᠩ ᠶᠢᠩ ᠵᠢᠶᠧ ᠬᠡᠯᠡᠬᠦ ᠳᠡᠭᠡᠨ᠂ ᠣᠳᠣᠬᠠᠨ ᠳᠤ ᠵᠠᠰᠠᠮᠠᠯ ᠵᠠᠮ ᠤᠨ 24 ᠴᠠᠭ ᠤᠨ ᠪᠣᠭᠤᠮᠲᠠ ᠥᠩᠭᠡᠷᠡᠬᠦ ᠠᠬᠢᠴᠠ ᠤᠷᠤᠭᠰᠢᠲᠠᠶ ᠪᠠᠶᠢᠵᠤ᠂ ᠠᠯᠤᠰ ᠬᠡᠲᠦ ᠶᠢᠨ ᠲᠠᠯ᠎ᠠ ᠠᠴᠠ ᠠᠪᠴᠤ ᠦᠵᠡᠪᠡᠯ᠂ ᠬᠤᠶᠠᠷ ᠲᠠᠯ᠎ᠠ ᠳᠤ ᠴᠥᠮ ᠮᠠᠰᠢ ᠠᠰᠢᠭᠲᠠᠶ ᠶᠠᠪᠤᠳᠠᠯ ᠪᠣᠯᠤᠨ᠎ᠠ ᠭᠡᠵᠡᠶ᠃ ᠳᠤᠮᠳᠠᠳᠤ ᠮᠣᠩᠭᠤᠯ ᠬᠤᠶᠠᠷ ᠤᠯᠤᠰ ᠡᠷᠢᠶᠡᠨ ᠬᠤᠲᠠ - ᠵᠠᠮ ᠤᠨ ᠡᠭᠦᠳᠡ ᠪᠣᠭᠤᠮᠲᠠ ᠶᠢ ᠲᠤᠷᠰᠢᠯᠲᠠ ᠶᠢᠨ ᠴᠢᠭ ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠠᠵᠢᠯᠯᠠᠭᠠᠨ ᠤ ᠳᠤᠮᠳᠠ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠲᠣᠬᠢᠷᠠᠭᠤᠯᠤᠨ ᠠᠵᠢᠯᠯᠠᠭᠤᠯᠬᠤ ᠳᠤ ᠲᠥᠬᠦᠮ ᠪᠣᠯᠭᠠᠪᠠ᠃ ᠣᠳᠣᠬᠠᠨ ᠳᠤ᠂ ᠡᠷᠢᠶᠡᠨ ᠬᠤᠲᠠ ᠪᠣᠭᠤᠮᠲᠠ ᠨᠢᠭᠡᠨᠲᠡ ᠠᠶᠤᠯᠲᠠᠢ ᠬᠢᠮᠢ ᠶᠢᠨ ᠪᠣᠳᠠᠰ ᠤᠨ ᠪᠣᠭᠤᠮᠲᠠ ᠪᠠᠷ ᠥᠩᠭᠡᠷᠡᠬᠦ ᠨᠥᠬᠦᠴᠡᠯ ᠢ ᠪᠦᠷᠢᠯᠳᠦᠭᠦᠯᠵᠦ᠂ ᠢᠷᠡᠬᠦ ᠵᠢᠯ ᠲᠤᠰᠬᠠᠢ ᠮᠡᠷᠭᠡᠵᠢᠯ ᠤᠨ ᠠᠶᠤᠯᠲᠠᠢ ᠬᠢᠮᠢ ᠶᠢᠨ ᠪᠣᠳᠠᠰ ᠤᠨ ᠰᠠᠩ ᠬᠥᠮᠥᠷᠭᠡ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠥᠭᠵᠢᠯᠲᠡ ᠳᠤ ᠰᠠᠭᠤᠷᠢᠯᠠᠵᠤ᠂ ᠪᠣᠭᠤᠮᠲᠠ ᠪᠠᠷ ᠥᠩᠭᠡᠷᠡᠬᠦ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号