ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠨᠢᠭᠤᠷᠳᠠᠨ ᠶᠠᠷᠢᠯᠴᠠᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/12/28
   12 ᠰᠠᠷ᠎ᠠ ᠶᠢᠨ 26 ᠤ ᠡᠳᠦᠷ᠂ ᠡᠪᠯᠡᠯ ᠤᠨ ᠬᠤᠲᠠ ᠶᠢᠨ ᠨᠠᠮ ᠤᠨ ᠬᠤᠷᠢᠶ᠎ᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠨᠢᠭᠤᠷᠳᠠᠨ ᠶᠠᠷᠢᠯᠴᠠᠬᠤ︾ ᠠᠵᠢᠯᠯᠠᠭ᠎ᠠ ᠥᠷᠨᠢᠭᠦᠯᠵᠦ᠂ ᠤᠯᠤᠰ ᠢᠶᠠᠨ ᠬᠠᠮᠠᠭᠠᠯᠠᠨ ᠬᠢᠯᠢ ᠪᠠᠨ ᠬᠠᠮᠠᠭᠠᠯᠠᠬᠤ᠂ ᠪᠣᠭᠤᠮᠲᠠ ᠶᠢᠨ ᠬᠥᠭᠵᠢᠯᠲᠡ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠠᠭᠤᠳᠠᠯ ᠤᠨ ᠬᠤᠷᠠᠯ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠦᠩ ᠵᠢᠶᠧ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠤᠸᠠᠢ ᠰᠢ ᠬᠤᠸᠠ ᠠᠵᠢᠯᠯᠠᠭ᠎ᠠ ᠳᠤ ᠣᠷᠣᠯᠴᠠᠪᠠ᠃    ᠰᠠᠭᠤᠳᠠᠯ ᠤᠨ ᠬᠤᠷᠠᠯ ᠳᠡᠭᠡᠷ᠎ᠡ᠂ ᠬᠢᠯᠢ ᠶᠢᠨ ᠬᠠᠮᠠᠭᠠᠯᠠᠯᠲᠠ᠂ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠲᠠ᠂ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠤᠨ ᠵᠠᠯᠠᠭᠤᠴᠤᠳ ᠤᠨ ᠲᠥᠯᠥᠭᠡᠯᠡᠭᠴᠢ᠂ ᠤᠯᠤᠰ ᠢᠶᠠᠨ ᠬᠠᠮᠠᠭᠠᠯᠠᠨ ᠬᠢᠯᠢ ᠬᠢᠵᠠᠭᠠᠷ ᠢᠶᠠᠨ ᠬᠠᠮᠠᠭᠠᠯᠠᠬᠤ᠂ ᠪᠣᠭᠤᠮᠲᠠ ᠶᠢᠨ ᠬᠥᠭᠵᠢᠯᠲᠡ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠲᠤᠰ ᠪᠡᠶ᠎ᠡ ᠶᠢᠨ ᠠᠵᠢᠯ᠂ ᠦᠢᠯᠡᠰ ᠪᠤᠰᠬᠠᠬᠤ ᠥᠩᠭᠡᠷᠡᠯᠲᠡ ᠲᠠᠢ ᠪᠠᠨ ᠤᠶᠠᠯᠳᠤᠭᠤᠯᠤᠨ ᠣᠳᠣᠬᠢ ᠱᠠᠲᠤᠨ ᠤ ᠵᠠᠯᠠᠭᠤ ᠴᠢᠳᠠᠪᠤᠷᠢᠲᠠᠨ ᠤ ᠬᠢᠯᠢ ᠶᠢᠨ ᠪᠣᠭᠤᠮᠲᠠ ᠳᠤ ᠦᠨᠳᠦᠰᠦ ᠬᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠴᠠᠢ᠃    ᠵᠠᠯᠠᠭᠤᠴᠤᠳ ᠤᠨ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠯᠠᠭᠤᠴᠤᠳ ᠤᠨ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠳᠤ ᠴᠢᠭᠯᠡᠭᠦᠯᠦᠨ ᠬᠠᠷᠢᠭᠤᠯᠲᠠ ᠥᠭᠪᠡ᠃ ᠡᠭᠦᠨ ᠤ ᠬᠠᠮᠲᠤ᠂ ᠣᠯᠠᠨ ᠤ ᠳᠤᠷᠠᠳᠤᠭᠰᠠᠨ ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂ ᠬᠤᠶᠠᠷ ᠬᠤᠷᠠᠯ ᠳᠡᠭᠡᠷ᠎ᠡ ᠴᠢᠨᠠᠷ ᠰᠠᠶᠢᠲᠠᠶ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠴᠢᠷᠮᠠᠶᠢᠨ ᠪᠦᠷᠢᠯᠳᠦᠭᠦᠯᠵᠦ᠂ ᠪᠣᠭᠤᠮᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠯᠠᠭᠤ ᠴᠢᠳᠠᠪᠤᠷᠢᠲᠠᠨ ᠤ ᠠᠵᠢᠯ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠵᠤ ᠬᠥᠭᠵᠢᠬᠦ ᠶᠢ ᠦᠷᠭᠦᠯᠵᠢᠯᠡᠨ ᠬᠠᠯᠠᠮᠵᠢᠯᠠᠵᠤ᠂ ᠵᠠᠯᠠᠭᠤᠴᠤᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠢ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠪᠦᠬᠦ ᠬᠤᠳᠠ ᠶᠢᠨ ᠡᠯ᠎ᠡ ᠡᠲᠡᠭᠡᠳ ᠤᠨ ᠵᠠᠯᠠᠭᠤᠴᠤᠳ ᠤᠨ ᠬᠠᠷᠢᠯᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号