ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ  ᠰᠢᠨ᠎ᠡ ᠤᠨ ᠢᠶᠠᠨ ᠤᠭᠲᠤᠬᠤ ᠰᠢᠯᠦᠭ ᠤᠨ ᠴᠤᠭᠯᠠᠭᠠᠨ  ᠡᠷᠬᠢᠯᠡᠭᠰᠡᠨ
ᠨᠡᠶᠢᠲᠡᠯᠡᠭᠰᠡᠨ ᠴᠠᠭ᠄
2023/12/28
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄        12 ᠰᠠᠷ᠎ᠠ ᠶᠢᠨ 21 ︱ 22  ᠤᠨ ᠡᠳᠦᠷ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ︽ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ ᠴᠠᠭ ᠦᠶ᠎ᠡ ᠶᠢᠨ ᠥᠩᠭᠡ ᠭᠢᠯᠪᠠᠭ᠎ᠠ ᠶᠢ ᠪᠠᠳᠠᠷᠠᠭᠤᠯᠤᠶ᠎ᠠ︾ ᠰᠢᠷᠢᠰ  ᠰᠡᠳᠤᠪᠳᠦ ᠭᠤᠤᠯ ᠰᠢᠨ᠎ᠡ  ᠣᠨ ᠢᠶᠠᠨ ᠤᠭᠲᠤᠬᠤ ᠰᠢᠯᠦᠭ ᠤᠨ ᠴᠤᠭᠯᠠᠭᠠᠨ  ᠥᠷᠨᠢᠭᠦᠯᠵᠦ᠂  ᠳᠤᠮᠳᠠᠳᠤ ᠶᠢᠨ ᠰᠣᠩᠭᠤᠳᠠᠭ ᠰᠢᠯᠦᠭ ᠳᠠᠭᠤᠯᠠᠯ ᠢ   ᠤᠶᠠᠩᠭᠠᠯᠠᠵᠦ᠂  ᠰᠢᠨ᠎ᠡ  ᠤᠨ  ᠢᠶᠠᠨ  ᠪᠡᠯᠭᠡᠳᠡᠪᠡ᠃  ᠲᠠᠶᠢᠯᠪᠦᠷᠢ᠄         ᠲᠤᠰ ᠤᠳᠠᠭᠠᠨ ᠤ ᠰᠢᠯᠦᠭ ᠤᠨ ᠴᠤᠭᠯᠠᠭᠠᠨ  ᠨᠢ ᠰᠢᠯᠦᠭ ᠤᠶᠠᠩᠭᠠᠯᠠᠬᠤ᠂  ᠰᠢᠯᠦᠭ ᠳᠠᠭᠤᠯᠠᠯ ᠢ ᠤᠯᠠᠮᠵᠢᠯᠠᠨ ᠳᠠᠭᠤᠯᠠᠬᠤ ᠵᠡᠷᠭᠡ ᠬᠡᠯᠪᠡᠷᠢ ᠪᠠᠷ ᠶᠠᠪᠤᠭᠳᠠᠵᠤ᠂ ᠰᠤᠷᠤᠭᠴᠢᠳ ᠨᠢᠭᠡ ᠲᠠᠩᠬᠢᠮ ᠳᠤ ᠴᠤᠭᠯᠠᠷᠠᠵᠤ᠂ ᠰᠢᠯᠦᠭ ᠳᠠᠭᠤᠯᠠᠯ ᠤᠨ  ᠪᠠᠶᠠᠷ ᠪᠠᠶᠠᠰᠤᠯ ᠢ  ᠡᠳ᠋ᠯᠡᠵᠠᠢ᠃       ︽ᠡᠷᠢᠶᠡᠨ ᠬᠤᠲᠠ ᠶᠢᠨ  ᠮᠬᠠᠳᠠᠭᠠᠯ︾  ᠨᠢ ᠪᠣᠭᠤᠮᠲᠠ ᠶᠢᠨ ᠪᠠᠶᠢᠯᠳᠤᠬᠤ ᠪᠣᠳᠣᠯᠭ᠎ᠠ ᠶᠢᠨ  ᠪᠠᠶᠢᠷᠢ ᠰᠠᠭᠤᠷᠢ  ᠂ ᠣᠷᠣᠨ ᠪᠠᠶᠢᠷᠢ ᠶᠢᠨ ᠳᠠᠪᠠᠭᠤᠯᠢᠭ  ᠂ ᠵᠠᠩᠭᠢᠯᠠᠭ᠎ᠠ ᠶᠢᠨ ᠦᠢᠯᠡᠳᠦᠯ   ᠲᠤᠪᠤᠶᠢᠮ᠎ᠠ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠤᠶᠢᠯᠡᠰ ᠢ ᠪᠦᠳᠦᠭᠡᠬᠦ  ᠶᠢ ᠵᠢᠷᠤᠠᠠᠯᠠᠵᠠᠢ᠃  ︽ᠵᠠᠯᠠᠭᠤ ᠨᠠᠰᠤᠨ ᠤ ᠳᠤᠮᠳᠠᠳᠤ ᠤᠯᠤᠰ︾ ︽ᠲᠣᠮᠣ ᠪᠢᠴᠢᠯᠭᠡ ᠶᠢᠨ ᠳᠤᠮᠳᠠᠳᠤ ᠤᠯᠤᠰ︾ ︽ᠪᠢ ᠡᠨᠡᠬᠦ ᠭᠠᠵᠠᠷ ᠰᠢᠷᠣᠢ ᠪᠠᠨ ᠬᠠᠶᠢᠷᠠᠯᠠᠨ᠎ᠠ︾ ︽ ᠬᠠᠶᠢᠷᠠᠲᠤ ᠡᠬᠡ ᠤᠯᠤᠰ ᠮᠢᠨᠢ︾ ᠵᠡᠷᠭᠡ ᠰᠢᠯᠦᠭ  ᠨᠢ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠳᠤᠯᠢᠭ ᠰᠠᠶᠢᠬᠠᠨ ᠦᠭᠡ ᠬᠡᠯᠡ ᠪᠠᠷ ᠰᠤᠷᠤᠭᠴᠢᠳ ᠤᠨ ᠡᠬᠡ ᠤᠯᠤᠰ ᠢᠶᠠᠨ ᠬᠠᠶᠢᠷᠠᠯᠠᠬᠤ᠂ ᠵᠠᠯᠠᠭᠤ ᠨᠠᠰᠤᠨ ᠤ ᠣᠶᠢᠯᠠᠭᠠᠯᠲᠠ᠂ ᠬᠦᠰᠡᠯᠡᠩ ᠤᠨ ᠲᠤᠬᠠᠢ ᠬᠥᠭᠡᠭᠡᠴᠡᠯᠳᠦᠯ ᠢ  ᠬᠠᠷᠠᠭᠤᠯᠵᠦ  ᠂ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ  ᠢᠶᠠᠷ ᠪᠢᠯᠬᠠᠮ᠎ᠠ ᠪᠠᠶᠢᠯ᠎ᠠ  ᠃         ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ  ᠬᠤ᠋ ᠹᠠᠩ  ᠄     ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠳᠤᠮᠳᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ  ᠶᠡᠬᠡᠪᠡᠷ ᠪᠠᠳᠠᠷᠠᠭᠤᠯᠵᠤ  ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠬᠦ  ᠠᠭᠤᠷ ᠠᠮᠢᠰᠬᠤᠯ ᠢ ᠪᠣᠶ ᠪᠣᠯᠭᠠᠵᠤ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃      ᠤᠶᠠᠩᠭᠠᠯᠠᠠᠴᠢᠳ  ᠤᠨ ᠦᠭᠡ ᠥᠭᠦᠯᠡᠪᠦᠷᠢ   ᠪᠦᠬᠦᠨ ᠨᠢ ᠠᠶᠢᠵᠠᠮ ᠴᠣᠬᠢᠯᠭ᠎ᠠ ᠲᠠᠢ᠂  ᠬᠥᠮᠥᠰ ᠢ ᠰᠣᠭᠲᠣᠭᠤᠷᠠᠭᠤᠯᠵᠤ᠂ ᠪᠣᠭᠤᠮᠲᠠ ᠶᠢᠨ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂  ᠡᠬᠡ ᠤᠯᠤᠰ ᠢᠶᠠᠨ ᠬᠠᠶᠢᠷᠠᠯᠠᠬᠤ᠂ ᠬᠦᠴᠦᠯᠡᠨ ᠴᠢᠷᠮᠠᠶᠢᠵᠤ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ  ᠢᠯᠡᠷᠡᠭᠦᠯᠦᠭᠰᠡᠨ ᠪᠠᠶᠢᠨ᠎ᠠ᠃  ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠷᠣᠭᠴᠢ ᠹᠧᠩ ᠺᠧ ᠰᠢᠨ  ᠄            ᠡᠶᠢᠮᠦᠷᠬᠦ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ ᠶᠤᠮ᠂  ᠪᠢᠳᠡ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ  ᠰᠢᠯᠢᠳᠡᠭ  ᠵᠠᠯᠠᠭᠤᠴᠤᠳ  ᠪᠣᠯᠬᠤ ᠬᠡᠷᠡᠭᠲᠡᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号